ᠠᠷᠪᠠᠨ ᠬᠣᠶᠠᠳᠤᠭᠠᠷ ᠬᠤᠭᠤᠴᠠᠭᠠᠨ ᠤ ᠬᠣᠰᠢᠭᠤᠨ ᠤ ᠨᠠᠮ ᠤᠨ ᠬᠣᠷᠢᠶᠠᠨ ᠤ ᠶᠢᠰᠦᠳᠦᠭᠡᠷ ᠡᠭᠡᠯᠵᠢ ᠶ᠋ᠢᠨ ᠲᠣᠭᠣᠷᠢᠨ ᠪᠠᠶᠢᠴᠠᠭᠠᠬᠣ ᠠᠵᠢᠯ ᠶ᠋ᠢᠨ ᠲᠣᠬᠢᠷᠠᠭᠣᠯᠣᠯᠳᠠ ᠶ᠋ᠢᠨ ᠬᠤᠷᠠᠯ ᠬᠣᠷᠠᠯᠳᠣᠭᠰᠠᠨ

ᠣᠩᠰᠢᠭᠰᠠᠨ ᠤᠳᠠᠭ᠎ᠠ ᠄ 2609     ᠨᠡᠶᠢᠳᠡᠯᠡᠭᠰᠡᠨ ᠴᠠᠭ ᠄ 2019/11/18 16:50:50

     ᠬᠣᠰᠢᠭᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠣ ᠠᠵᠢᠯ ᠶ᠋ᠢᠨ ᠲᠣᠬᠢᠷᠠᠭᠣᠯᠣᠯᠳᠠ  ᠶᠣᠰᠣᠭᠠᠷ ᠂ 11 ᠰᠠᠷ᠎ᠠ ᠶ᠋ᠢᠨ 8 ᠦ ᠡᠳ᠋ᠦᠷ ᠂ ᠠᠷᠪᠠᠨ ᠬᠣᠶᠠᠳᠤᠭᠠᠷ ᠬᠤᠭᠤᠴᠠᠭᠠᠨ ᠤ ᠬᠣᠰᠢᠭᠤᠨ ᠤ ᠨᠠᠮ ᠤᠨ ᠬᠣᠷᠢᠶᠠᠨ ᠤ ᠶᠢᠰᠦᠳᠦᠭᠡᠷ ᠡᠭᠡᠯᠵᠢ ᠶ᠋ᠢᠨ ᠲᠣᠭᠣᠷᠢᠨ ᠪᠠᠶᠢᠴᠠᠭᠠᠬᠣ ᠠᠵᠢᠯ ᠶ᠋ᠢᠨ  ᠲᠣᠬᠢᠷᠠᠭᠣᠯᠣᠯᠳᠠ ᠶ᠋ᠢᠨ ᠬᠤᠷᠠᠯ ᠬᠣᠷᠠᠯᠳᠣᠭᠰᠠᠨ ᠪᠠᠶᠢᠨ᠎ᠠ ᠃ ᠬᠣᠰᠢᠭᠣᠨ ᠤ ᠨᠠᠮ ᠤᠨ ᠬᠣᠷᠢᠶᠠᠨ ᠤ ᠪᠠᠶᠢᠩᠭᠣ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠣ ᠬᠣᠷᠢᠶᠠᠨ ᠤ ᠱᠦᠵᠢ ᠂ ᠬᠢᠨᠠᠨ ᠪᠠᠶᠢᠴᠠᠭᠠᠬᠣ ᠵᠥᠪᠯᠡᠯ ᠦᠨ ᠡᠷᠬᠢᠯᠡᠭᠴᠢ ᠂  ᠬᠣᠰᠢᠭᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠣ ᠠᠵᠢᠯ ᠶ᠋ᠢᠨ ᠤᠳᠤᠷᠢᠳᠬᠤ ᠳᠤᠭᠤᠢᠯᠠᠩ ᠤᠨ ᠳᠠᠷᠤᠭ᠎ᠠ ᠶᠠᠩ ᠹᠦ᠋ ᠰᠢᠩ ᠶᠠᠷᠢᠶ᠎ᠠ ᠲᠠᠯᠪᠢᠪᠠ ᠃

    

      ᠬᠤᠷᠠᠯ ᠡᠴᠠ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠣᠯᠤᠨ ᠬᠣᠲᠠ ᠶ᠋ᠢᠨ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠣ ᠬᠤᠷᠠᠯ ᠤᠨ ᠵᠣᠷᠢᠭ ᠰᠠᠨᠠᠭ᠎ᠠ ᠶ᠋ᠢ ᠲᠠᠮᠵᠢᠭᠣᠯᠵᠣ ᠂ ᠲᠣᠰᠪᠣᠷᠢ 《 ᠠᠷᠪᠠᠨ ᠬᠣᠶᠠᠳᠤᠭᠠᠷ ᠬᠤᠭᠤᠴᠠᠭᠠᠨ ᠤ ᠨᠠᠢᠮᠠᠨ ᠬᠣᠰᠢᠭᠤᠨ ᠤ ᠨᠠᠮ ᠤᠨ ᠬᠣᠷᠢᠶᠠᠨ ᠤ ᠶᠢᠰᠦᠳᠦᠭᠡᠷ ᠡᠭᠡᠯᠵᠢ ᠶ᠋ᠢᠨ ᠲᠣᠭᠣᠷᠢᠨ ᠪᠠᠶᠢᠴᠠᠭᠠᠬᠣ ᠠᠵᠢᠯ ᠶ᠋ᠢᠨ ᠲᠥᠰᠦᠯ 》 ᠂ 《 ᠠᠷᠪᠠᠨ ᠬᠣᠶᠠᠳᠤᠭᠠᠷ ᠬᠤᠭᠤᠴᠠᠭᠠᠨ ᠤ ᠨᠠᠢᠮᠠᠨ ᠬᠣᠰᠢᠭᠤᠨ ᠤ ᠨᠠᠮ ᠤᠨ ᠬᠣᠷᠢᠶᠠᠨ ᠤ ᠶᠢᠰᠦᠳᠦᠭᠡᠷ ᠡᠭᠡᠯᠵᠢ ᠶ᠋ᠢᠨ ᠲᠣᠭᠣᠷᠢᠨ ᠪᠠᠶᠢᠴᠠᠭᠠᠬᠣ ᠡᠷᠬᠡ ᠣᠯᠭᠣᠯᠲᠠ ᠵᠢᠴᠢ ᠡᠭᠦᠷᠭᠡ ᠶ᠋ᠢᠨ ᠬᠤᠪᠢᠶᠠᠷᠢᠯᠠᠯ 》 ᠢ ᠨᠡᠶᠢᠳᠡᠯᠡᠭᠰᠡᠨ ᠪᠠᠶᠢᠨ᠎ᠠ ᠃
     ᠬᠤᠷᠠᠯ ᠡᠴᠠ ᠵᠢᠭᠠᠵᠣ ᠭᠠᠷᠭᠠᠭᠰᠠᠨ ᠨᠢ ᠂ ᠡᠯ᠎ᠡ ᠲᠣᠭᠣᠷᠢᠨ ᠪᠠᠶᠢᠴᠠᠭᠠᠬᠣ ᠲᠣᠭᠣᠶᠢᠯᠠᠩ ‍ᠤᠨ ᠬᠢᠨ ᠨᠠᠮ ᠤᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠣᠯᠤᠨ ᠬᠣᠲᠠ ᠶ᠋ᠢᠨ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠣ ᠠᠵᠢᠯ ᠶ᠋ᠢᠨ ᠲᠤᠬᠠᠶ ᠰᠢᠨ᠎ᠡ  ᠲᠣᠬᠢᠷᠠᠭᠣᠯᠣᠯᠳᠠ ᠰᠢᠨ᠎ᠡ ᠱᠠᠭᠠᠷᠳᠠᠯᠭ᠎ᠠ ᠶ᠋ᠢ ᠭᠦᠨᠵᠡᠭᠡᠶ ᠰᠤᠷᠤᠯᠴᠠᠨ ᠣᠶᠢᠯᠠᠭᠠᠬᠣ ᠂ ᠤᠯᠤᠰ ᠲᠥᠷᠦ ᠶ᠋ᠢᠨ ᠬᠠᠷᠢᠭᠤᠴᠠᠯᠭ᠎ᠠ ᠪᠠᠨ ᠲᠡᠭᠡᠭᠰᠢᠯᠡᠭᠦᠯᠦᠨ ᠂ ᠰᠢᠨ᠎ᠡ ᠴᠠᠭ ᠦᠶ᠎ᠡ ᠶ᠋ᠢᠨ ᠲᠣᠭᠣᠷᠢᠨ  ᠪᠠᠶᠢᠴᠠᠭᠠᠬᠣ ᠠᠵᠢᠯ ᠶ᠋ᠢᠨ ᠤᠯᠤᠰ ᠲᠥᠷᠦ ᠶ᠋ᠢᠨ ᠬᠢᠨᠠᠯᠲᠠ ᠲᠠᠯᠪᠢᠬᠤ ᠦᠢᠯᠡᠳᠦᠯ ᠢ ᠪᠠᠲᠤ ᠡᠵᠡᠮᠳᠡᠵᠦ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ 《 ᠬᠣᠶᠠᠷ ᠢ ᠬᠠᠮᠠᠭᠠᠯᠠᠬᠤ 》 ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠣ ᠂ ᠬᠠᠷᠢᠭᠤᠴᠠᠯᠭ᠎ᠠ ᠡᠭᠦᠷᠭᠡᠯᠡᠨ ᠵᠢᠳᠬᠦᠯ  ᠴᠢᠷᠮᠠᠶᠢᠯᠭ᠎ᠠ ᠭᠠᠷᠭᠠᠬᠤ ᠶ᠋ᠢ ᠢᠯᠡᠷᠡᠭᠦᠯᠵᠦ ᠂ ᠲᠣᠭᠣᠷᠢᠨ  ᠪᠠᠶᠢᠴᠠᠭᠠᠵᠣ ᠬᠢᠨᠠᠯᠲᠠ ᠲᠠᠯᠪᠢᠬᠤ ᠤᠯᠤᠰ ᠲᠥᠷᠦ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠨ ᠂ ᠲᠣᠭᠣᠷᠢᠨ  ᠪᠠᠶᠢᠴᠠᠭᠠᠵᠣ ᠬᠢᠨᠠᠯᠲᠠ ᠲᠠᠯᠪᠢᠬᠤ ᠦᠷ᠎ᠡ ᠪᠦᠲᠦᠮᠵᠢ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠲᠣᠰ ᠡᠭᠡᠯᠵᠢ ᠶ᠋ᠢᠨ ᠲᠣᠭᠣᠷᠢᠨ ᠪᠠᠶᠢᠴᠠᠭᠠᠬᠣ ᠡᠭᠦᠷᠭᠡ ᠪᠡᠨ ᠠᠮᠵᠢᠯᠲᠠ ᠲᠠᠶ ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ ᠃
     ᠬᠤᠷᠠᠯ ᠡᠴᠠ ᠴᠢᠩᠭᠠᠳᠬᠠᠭᠰᠠᠨ ᠨᠢ ᠂ ᠲᠣᠰ ᠡᠭᠡᠯᠵᠢ ᠶ᠋ᠢᠨ ᠲᠣᠭᠣᠷᠢᠨ ᠪᠠᠶᠢᠴᠠᠭᠠᠯᠳᠠ ᠨᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠲᠣᠭᠣᠱᠢᠯᠠᠭᠣᠯᠣᠨ  ᠨᠠᠶᠢᠳᠠᠪᠣᠷᠢᠵᠢᠭᠣᠯᠬᠣ ᠲᠠᠢ ᠨᠢᠭᠳᠠ ᠤᠶᠠᠯᠳᠤᠭᠤᠯᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠲᠥᠪ ᠪᠠ ᠲᠥᠷᠦ ᠶ᠋ᠢᠨ  ᠪᠠᠶᠢᠭᠣᠯᠣᠯᠭ᠎ᠠ ᠶ᠋ᠢᠨ ᠨᠠᠮ ᠤᠨ  ᠪᠠᠶᠢᠭᠤᠯᠤᠯᠳᠠ ᠶ᠋ᠢᠨ ᠠᠵᠢᠯ ᠶ᠋ᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠂ ᠥᠪᠥᠷ ᠮᠣᠩᠭᠣᠯ ᠳᠤ ᠪᠠᠶᠢᠴᠠᠭᠠᠯᠳᠠ ᠬᠢᠬᠦ ᠦᠶ᠎ᠡ ᠶ᠋ᠢᠨ ᠴᠢᠬᠤᠯᠠ ᠶᠠᠷᠢᠶ᠎ᠠ ᠵᠢᠴᠢ ᠠᠵᠢᠯ ᠲᠥᠷᠥᠯ ᠦᠨ ᠰᠠᠯᠠᠭ᠎ᠠ ᠮᠥᠴᠢᠷ ᠦᠨ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠲᠣᠭᠣᠱᠢᠯᠠᠭᠣᠯᠣᠨ ᠨᠠᠶᠢᠳᠠᠪᠣᠷᠢᠵᠢᠭᠣᠯᠬᠣ ᠬᠡᠷᠡᠭᠲᠡᠶ ᠃ 《 ᠤᠭ ᠰᠠᠨᠠᠭ᠎ᠠ ᠪᠠᠨ ᠦᠯᠦ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳ᠋ᠦᠪᠲᠦ ᠬᠥᠮᠦᠵᠢᠯ ᠦᠨ ᠬᠠᠷᠠᠯᠲᠠ ᠱᠠᠭᠠᠷᠳᠠᠯᠭ᠎ᠠ ᠲᠠᠶ ᠤᠶᠠᠯᠳᠤᠭᠤᠯᠤᠨ ᠂ ᠤᠯᠤᠰ ᠲᠥᠷᠦ ᠶ᠋ᠢᠨ   ᠪᠠᠶᠢᠴᠠᠭᠠᠯᠳᠠ ᠶ᠋ᠢ ᠡᠷᠡᠰ  ᠭᠣᠶᠢᠪᠢᠰᠢ ᠦᠭᠡᠢ   ᠭᠦᠡᠵᠡᠭᠡᠶᠢᠷᠡᠭᠦᠯᠵᠦ ᠂ ᠨᠠᠮ ᠤᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠬᠣᠲᠠ ᠶ᠋ᠢᠨ ᠨᠠᠮ ᠤᠨ ᠬᠣᠷᠢᠶ᠎ᠠ ᠪᠠ ᠬᠣᠰᠢᠭᠣᠨ ᠤ ᠨᠠᠮ ᠤᠨ ᠬᠣᠷᠢᠶᠠᠨ ᠤ ᠡᠯ᠎ᠡ ᠵᠦᠢᠯ ᠦᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠶ᠋ᠢᠨ ᠲᠣᠬᠢᠷᠠᠭᠣᠯᠣᠯᠳᠠ ᠵᠢ ᠨᠠᠶᠢᠳᠠᠪᠣᠷᠢᠵᠢᠭᠣᠯᠬᠣ ᠬᠡᠷᠡᠭᠲᠡᠢ ᠭᠡᠰᠡᠨ ᠪᠠᠶᠢᠨ᠎ᠠ ᠃
     ᠬᠣᠰᠢᠭᠣᠨ ᠤ ᠨᠠᠮ ᠤᠨ ᠬᠣᠷᠢᠶ᠎ᠠ ᠡᠴᠠ ᠲᠤᠰ ᠡᠭᠡᠯᠵᠢ ᠶ᠋ᠢᠨ 8 ᠰᠠᠯᠠᠭ᠎ᠠ ᠮᠥᠴᠢᠷ ( ᠨᠢᠭᠡᠴᠢ ) ᠂ ᠤᠯᠤᠰ ᠡᠴᠠ ᠥᠮᠴᠢᠯᠡᠯ ᠦᠨ 3 ᠠᠵᠤ  ᠠᠬᠣᠶᠢᠯᠠᠯ ᠢ ᠲᠣᠭᠣᠷᠢᠨ ᠪᠠᠶᠢᠴᠠᠭᠠᠬᠣ ᠪᠡᠷ ᠵᠥᠪᠰᠢᠶᠡᠷᠡᠪᠡ ᠃ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ  ᠪᠠᠶᠢᠩᠭᠣ ᠶ᠋ᠢᠨ ᠬᠣᠷᠢᠶᠠᠨ ᠤ  ᠪᠠᠶᠢᠭᠣᠯᠭ᠎ᠠ ᠂ ᠤᠯᠤᠰ ᠲᠥᠷᠥ ᠶ᠋ᠢᠨ ᠵᠥᠪᠯᠡᠯᠭᠡᠨ ᠦ  ᠪᠠᠶᠢᠭᠣᠯᠭ᠎ᠠ ᠂ ᠦᠨᠳ᠋ᠦᠰᠦᠲᠡᠨ ᠦ ᠬᠡᠷᠡᠭ ᠡᠷᠬᠢᠯᠡᠬᠦ ᠵᠥᠪᠯᠡᠯ ᠂ ᠬᠢᠨᠠᠨ ᠪᠤᠳᠤᠬᠤ ᠲᠣᠪᠴᠢᠶ᠎ᠠ ᠂ ᠲᠣᠭ᠎ᠠ ᠪᠦᠷᠢᠳᠬᠡᠯ ᠦᠨ ᠲᠣᠪᠴᠢᠶ᠎ᠠ ᠂   ᠵᠠᠮᠪᠠᠯᠳᠣᠷᠵᠢ ᠮᠣᠩᠭᠣᠯ ᠬᠢᠲᠠᠳ ᠡᠮ ᠦᠨ ᠮᠠᠲ᠋ᠧᠷᠢᠶᠠᠯ ᠤᠨ ᠰᠤᠳᠤᠯᠭᠠᠨ ᠤ ᠬᠠᠮᠢᠶᠠᠷᠤᠯᠲᠠ ᠶ᠋ᠢᠨ ᠲᠥᠪ ᠂ ᠡᠪᠡᠳᠴᠢᠨ ᠡᠮᠭᠡᠭ ᠢ  ᠰᠡᠷᠭᠡᠶᠢᠯᠡᠨ ᠬᠢᠵᠠᠭᠠᠷᠯᠠᠬᠤ ᠲᠥᠪ ᠦᠨ ᠨᠠᠮ ᠤᠨ ᠵᠣᠬᠢᠶᠠᠨ  ᠪᠠᠶᠢᠭᠣᠯᠣᠯᠳᠠ  ᠳᠤ ᠡᠩ ᠦᠨ ᠲᠣᠭᠣᠷᠢᠨ  ᠪᠠᠶᠢᠴᠠᠭᠠᠯᠳᠠ ᠬᠢᠬᠦ ᠬᠡᠷᠡᠭᠲᠡᠢ ︔ ᠬᠣᠰᠢᠭᠤᠨ ᠤ ᠳ᠋ᠢᠩ ᠰᠢᠨ ᠪᠠᠯᠠ ᠣᠷᠣᠭᠤᠯᠤᠯᠲᠠ ᠶ᠋ᠢᠨ ᠪᠦᠯᠦᠭᠯᠡᠯ ᠦᠨ ᠬᠢᠵᠠᠭᠠᠷᠲᠤ ᠺᠣᠮᠫᠠᠨᠢ ᠂ ᠥᠪᠥᠷ ᠮᠣᠩᠭᠣᠯ ᠤᠨ ᠼᠠᠢ ᠰᠢᠨ ᠪᠠᠯᠠ ᠣᠷᠣᠭᠤᠯᠤᠯᠲᠠ ᠶ᠋ᠢᠨ ᠬᠠᠮᠢᠶᠠᠷᠤᠯᠲᠠ ᠶ᠋ᠢᠨ ᠬᠢᠵᠠᠭᠠᠷᠲᠤ ᠺᠣᠮᠫᠠᠨᠢ ᠂ ᠥᠪᠥᠷ ᠮᠣᠩᠭᠣᠯ ᠤᠨ ᠨᠠᠢᠮᠠᠨ ᠬᠣᠲᠠ ᠶ᠋ᠢᠨ ᠪᠠᠯᠠ ᠣᠷᠣᠭᠤᠯᠤᠯᠲᠠ ᠶ᠋ᠢᠨ ᠬᠢᠵᠠᠭᠠᠷᠲᠤ ᠺᠣᠮᠫᠠᠨᠢ ᠳᠤ ᠡᠩ ᠦᠨ ᠲᠣᠭᠣᠷᠢᠨ  ᠪᠠᠶᠢᠴᠠᠭᠠᠯᠳᠠ ᠦᠷᠨᠢᠭᠦᠯᠦᠭᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ