ᠮᠠᠨ ᠤ ᠬᠣᠰᠢᠭᠤ ᠬᠤᠯᠤᠭᠠᠨ᠎ᠠ ᠶ᠋ᠢᠨ ᠬᠢᠵᠢᠭ ᠢ ᠰᠡᠷᠭᠡᠶᠢᠯᠡᠬᠦ ᠠᠵᠢᠯ ᠤᠨ ᠪᠠᠴᠢᠮ ᠲᠣᠬᠢᠷᠠᠭᠤᠯᠤᠯᠲᠠ ᠶ᠋ᠢᠨ ᠲᠸᠯᠸᠢᠰ ᠳ᠋ᠢᠶᠠᠩᠬᠣᠸᠠ ᠬᠣᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 2510     ᠨᠡᠶᠢᠳᠡᠯᠡᠭᠰᠡᠨ ᠴᠠᠭ ᠄ 2019/11/19 14:49:43

    11 ᠳ᠋ᠦ᠋ᠭᠡᠷ ᠰᠠᠷ᠎ᠠ ᠶ᠋ᠢᠨ 18 ᠦ ᠡᠳ᠋ᠦᠷ ᠂ ᠮᠠᠨ ᠤ ᠬᠣᠰᠢᠭᠤ ᠬᠤᠯᠤᠭᠠᠨ᠎ᠠ ᠶ᠋ᠢᠨ ᠬᠢᠵᠢᠭ ᠢ  ᠰᠡᠷᠭᠡᠶᠢᠯᠡᠬᠦ ᠠᠵᠢᠯ ᠶ᠋ᠢᠨ ᠪᠠᠴᠢᠮ ᠲᠣᠬᠢᠷᠠᠭᠤᠯᠤᠯᠲᠠ ᠶ᠋ᠢᠨ ᠲᠸᠯᠸᠢᠰ ᠳ᠋ᠢᠶᠠᠩᠬᠣᠸᠠ ᠬᠣᠷᠠᠯ ᠶᠠᠪᠣᠭᠳᠠᠭᠣᠯᠪᠠ ᠃ ᠬᠣᠰᠢᠭᠤᠨ ᠤ ᠬᠤᠯᠤᠭᠠᠨ᠎ᠠ ᠶ᠋ᠢᠨ ᠬᠢᠵᠢᠭ ᠢ ᠰᠡᠷᠭᠡᠶᠢᠯᠡᠬᠦ ᠠᠵᠢᠯ ᠤᠨ ᠤᠳᠤᠷᠢᠳᠬᠤ ᠲᠣᠭᠣᠶᠢᠯᠠᠡᠭ  ᠤᠨ ᠳᠡᠳ᠋ ᠲᠠᠷᠣᠭ᠎ᠠ ᠂ ᠬᠣᠰᠢᠭᠤᠨ ᠤ ᠠᠷᠠᠳ ᠤᠨ ᠵᠠᠰᠠᠭ  ᠤᠨ  ᠣᠷᠳᠣᠨ  ᠳᠡᠳ᠋ ᠬᠣᠰᠢᠭᠤᠨ ᠳᠠᠷᠤᠭ᠎ᠠ ᠦ᠋ ᠵᠢᠶᠦ᠋ᠨ ᠮᠢᠩ ᠪᠥᠬᠥ ᠬᠣᠰᠢᠭᠤᠨ ᠤ ᠬᠤᠯᠤᠭᠠᠨ᠎ᠠ ᠶ᠋ᠢᠨ ᠬᠢᠵᠢᠭ ᠢ  ᠰᠡᠷᠭᠡᠶᠢᠯᠡᠬᠦ ᠠᠵᠢᠯ ᠳᠤ ᠲᠣᠬᠢᠷᠠᠭᠤᠯᠤᠯᠲᠠ ᠬᠢᠭᠰᠡᠨ ᠪᠠᠶᠢᠨ᠎ᠠ ᠃

  

     ᠬᠤᠷᠠᠯ ᠡᠴᠠ ᠱᠠᠭᠠᠷᠳᠠᠭᠰᠠᠨ ᠨᠢ ᠂ ᠡᠯ᠎ᠡ ᠭᠠᠵᠠᠷ ᠂ ᠡᠯ᠎ᠡ ᠰᠠᠯᠠᠭ᠎ᠠ ᠮᠥᠴᠢᠷ ᠦᠵᠡᠯ ᠰᠠᠨᠠᠭᠠᠨ ᠤ ᠲᠠᠯ᠎ᠠ ᠪᠠᠷ ᠲᠡᠭᠡᠳᠣ ᠬᠡᠮᠵᠢᠶ᠎ᠡ ᠪᠡᠷ ᠴᠢᠬᠣᠯᠴᠢᠯᠠᠨ ᠂  ᠰᠡᠷᠭᠡᠶᠢᠯᠡᠨ ᠡᠵᠡᠮᠳᠡᠬᠦ ᠠᠵᠢᠯ ᠢ ᠳᠠᠷᠤᠶ ᠲᠦᠷᠭᠡᠨ ᠡᠬᠢᠯᠡᠭᠦᠯᠵᠦ ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠬᠡᠷᠡᠭᠲᠡᠶ ︔ ᠤᠳᠤᠷᠢᠳᠤᠯᠭ᠎ᠠ ᠪᠠᠨ ᠴᠢᠩᠭᠠᠳᠬᠠᠨ ᠂ 《 ᠬᠠᠷᠢᠶ᠎ᠠ ᠣᠷᠣᠨ ᠳᠤᠨᠢ ᠬᠠᠮᠢᠶᠠᠷᠤᠭᠤᠯᠬᠤ 》 ᠱᠠᠭᠠᠷᠳᠠᠯᠭ᠎ᠠ ᠶ᠋ᠢ ᠡᠷᠡᠰ ᠨᠠᠶᠢᠳᠠᠪᠣᠷᠢᠵᠢᠭᠣᠯᠵᠣ ᠂ ᠭᠣᠣᠯ ᠤᠳᠤᠷᠢᠳᠤᠯᠭ᠎ᠠ ᠰᠢᠭᠤᠳ ᠬᠠᠷᠢᠭᠤᠴᠠᠯᠭ᠎ᠠ ᠡᠭᠦᠷᠭᠡᠯᠡᠨ ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠃ ᠬᠣᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ  ᠶ᠋ᠢᠨ ᠰᠠᠯᠠᠭ᠎ᠠ ᠮᠥᠴᠢᠷ ᠲᠠᠶᠢᠴᠢᠯᠠᠬᠣ ᠦᠢᠯᠡᠳᠦᠯ ᠢᠶ᠋ᠡᠨ ᠭᠦᠢᠴᠡᠳ ᠪᠠᠳᠠᠷᠠᠭᠤᠯᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠣᠳᠴᠤ  ᠰᠡᠷᠭᠡᠶᠢᠯᠡᠨ ᠡᠵᠡᠮᠳᠡᠬᠦ ᠠᠵᠢᠯ ᠢ  ᠰᠠᠶᠢᠳᠣᠷ ᠬᠢᠬᠦ ᠬᠡᠷᠡᠭᠲᠡᠶ ︔ ᠠᠷᠭ᠎ᠠ ᠬᠡᠮᠵᠢᠶ᠎ᠡ ᠶ᠋ᠢ ᠨᠠᠶᠢᠳᠠᠪᠣᠷᠢᠵᠢᠭᠣᠯᠬᠣ ᠂ ᠬᠢᠨᠠᠨ  ᠪᠠᠶᠢᠴᠠᠭᠠᠬᠣ ᠪᠠ ᠡᠬᠢ ᠡᠭᠦᠰᠦᠯ ᠡᠴᠡ ᠨᠢ ᠬᠠᠮᠢᠶᠠᠷᠤᠨ ᠡᠵᠡᠮᠳᠡᠬᠦ ᠶ᠋ᠢ  ᠰᠠᠶᠢᠳᠣᠷ ᠬᠢᠵᠦ ᠂ ᠬᠤᠯᠤᠭᠠᠨ᠎ᠠ ᠶ᠋ᠢᠨ ᠬᠢᠵᠢᠭ ᠦᠨ ᠪᠠᠴᠢᠮ  ᠪᠠᠶᠢᠳᠠᠯ ᠢ ᠠᠷᠭᠠᠴᠠᠬᠤ ᠬᠢᠨᠠᠨ ᠪᠠᠶᠢᠴᠠᠭᠠᠯᠳᠠ ᠪᠠ ᠤᠰᠠᠳᠬᠠᠬᠤ ᠠᠵᠢᠯ ᠢ ᠥᠷᠨᠢᠭᠦᠯᠵᠦ ᠂ ᠡᠭᠦᠳᠡᠨ ᠡᠮᠨᠡᠯᠭᠡ ᠶ᠋ᠢᠨ  ᠬᠢᠨᠠᠨ ᠪᠠᠶᠢᠴᠠᠭᠠᠬᠣ ᠪᠠ ᠡᠮᠨᠡᠯᠭᠡ ᠶ᠋ᠢᠨ ᠬᠣᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠶ᠋ᠢ ᠴᠢᠩᠭᠠᠳᠬᠠᠵᠤ ᠂ ᠬᠢᠵᠢᠭ ᠦᠨ ᠪᠠᠶᠢᠳᠠᠯ ᠪᠠ ᠠᠵᠢᠯ ᠤᠨ ᠮᠡᠳᠡᠭᠦᠯᠦᠯᠲᠡ ᠶ᠋ᠢᠨ ᠳᠦᠷᠢᠮ ‍ᠢ ᠬᠡᠷᠡᠭᠵᠢᠭᠦᠯᠬᠦ ᠬᠡᠷᠡᠭᠲᠡᠶ ︔ ᠬᠤᠯᠤᠭᠠᠨ᠎ᠠ ᠶ᠋ᠢᠨ ᠬᠢᠵᠢᠭ ᠢ ᠰᠡᠷᠭᠡᠶᠢᠯᠡᠬᠦ ᠮᠡᠳᠡᠯᠭᠡ ᠶ᠋ᠢ ᠳᠥᠭᠥᠮ  ᠣᠶᠢᠯᠠᠭᠠᠮᠵᠢᠳᠠᠢ ᠪᠠᠷ ᠤᠬᠠᠭᠤᠯᠤᠨ ᠲᠦᠭᠡᠮᠡᠯᠵᠢᠭᠦᠯᠵᠦ ᠂ ᠬᠤᠯᠤᠭᠠᠨ᠎ᠠ ᠶ᠋ᠢᠨ ᠬᠢᠵᠢᠭ ᠢ 《  ᠰᠡᠷᠭᠡᠶᠢᠯᠡᠵᠣ ᠪᠣᠯᠬᠤ ᠂ ᠡᠵᠡᠮᠳᠡᠵᠦ ᠪᠣᠯᠬᠤ ᠂ ᠵᠠᠰᠠᠵᠤ ᠪᠣᠯᠬᠤ 》 ᠢᠳᠡᠪᠬᠢᠲᠡᠢ ᠮᠡᠳᠡᠭᠡ ᠵᠠᠩᠭᠢ ᠶ᠋ᠢ ᠣᠯᠠᠨ  ᠨᠡᠶᠢᠳᠡᠨ ᠳᠦ ᠤᠬᠠᠭᠤᠯᠬᠤ ᠬᠡᠷᠡᠭᠲᠡᠶ ᠃ ᠬᠤᠯᠤᠭᠠᠨ᠎ᠠ ᠶ᠋ᠢᠨ ᠬᠢᠵᠢᠭ ᠢ ᠰᠡᠷᠭᠡᠶᠢᠯᠡᠬᠦ ᠬᠠᠷᠢᠯᠴᠠᠬᠤ ᠬᠤᠷᠠᠯ ᠤᠨ ᠳᠦᠷᠢᠮ ‍ᠢ  ᠪᠠᠶᠢᠭᠣᠯᠣᠨ ᠂ ᠮᠡᠳᠡᠭᠡ ᠵᠠᠩᠭᠢ ᠰᠠᠭᠠᠳ ᠦᠭᠡᠢ ᠨᠡᠪᠲᠡᠷᠡᠬᠦ ᠂ ᠵᠢᠯᠣᠭᠣᠳᠤᠨ ᠲᠣᠬᠢᠷᠠᠭᠤᠯᠬᠤ ᠬᠦᠴᠦᠨ ᠲᠡᠭᠦᠯᠳᠡᠷ  ᠪᠠᠶᠢᠬᠣ ᠶ᠋ᠢ ᠪᠡᠶᠡᠯᠡᠭᠦᠯᠵᠦ ᠂ ᠣᠯᠠᠨ ᠲᠦᠮᠡᠨᠴᠢ ᠴᠢᠨᠠᠷᠲᠠᠶ ᠬᠤᠯᠤᠭᠠᠨ᠎ᠠ ᠶ᠋ᠢᠨ ᠬᠢᠵᠢᠭ ᠢ  ᠰᠡᠷᠭᠡᠶᠢᠯᠡᠬᠦ ᠵᠣᠬᠢᠶᠠᠨ  ᠪᠠᠶᠢᠭᠣᠯᠣᠯᠳᠠ ᠶ᠋ᠢ  ᠪᠠᠶᠢᠭᠣᠯᠬᠣ ᠬᠡᠷᠡᠭᠲᠡᠶ ︔ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠶ᠋ᠢ ᠨᠠᠶᠢᠳᠠᠪᠣᠷᠢᠵᠢᠭᠣᠯᠣᠨ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠂ ᠡᠳ᠋ ᠪᠣᠳᠠᠰ ᠂ ᠵᠠᠷᠤᠳᠠᠯ ᠵᠡᠷᠭᠡ ᠡᠯ᠎ᠡ ᠵᠦᠢᠯ ᠦᠨ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠶ᠋ᠢ ᠴᠠᠭ ᠲᠤᠬᠠᠶ ᠳᠤᠨᠢ  ᠪᠣᠳᠠᠳᠠᠶᠢᠵᠢᠭᠣᠯᠬᠣ  ᠶ᠋ᠢ ᠦᠨᠡᠨᠬᠦ ᠪᠠᠲᠤᠯᠠᠵᠤ ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠶ ᠪᠠᠷ ᠠᠷᠭᠠᠴᠠᠬᠤ ᠬᠡᠷᠡᠭᠲᠡᠶ ᠭᠡᠰᠡᠨ ᠪᠠᠶᠢᠨ᠎ᠠ ᠃

     ᠬᠤᠷᠠᠯ ᠳᠡᠭᠡᠷ᠎ᠡ ᠂ ᠬᠣᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠥᠪᠯᠡᠯ ᠦᠨ ᠬᠣᠯᠪᠣᠭᠳᠠᠯ ᠪᠦᠬᠦᠢ ᠨᠥᠬᠥᠳ ᠬᠤᠯᠤᠭᠠᠨ᠎ᠠ ᠶ᠋ᠢᠨ ᠬᠢᠵᠢᠭ ᠦᠨ ᠡᠪᠡᠳᠴᠢᠨ ᠡᠭᠦᠰᠬᠦ ᠣᠨᠴᠠᠯᠢᠭ ᠂ ᠬᠡᠷᠬᠢᠨ  ᠰᠡᠷᠭᠡᠶᠢᠯᠡᠬᠦ ᠂ ᠬᠠᠯᠳᠠᠪᠤᠷᠢᠯᠠᠬᠤ ᠡᠬᠢ ᠰᠤᠷᠪᠤᠯᠵᠢ ᠶ᠋ᠢ ᠬᠡᠷᠬᠢᠨ ᠬᠢᠵᠠᠭᠠᠷᠯᠠᠬᠤ ᠵᠡᠷᠭᠡ ᠲᠠᠯ᠎ᠠ ᠪᠠᠷ ᠬᠠᠮᠢᠶ᠎ᠠ ᠪᠦᠬᠦᠢ ᠮᠡᠳᠡᠯᠭᠡ ᠶ᠋ᠢᠨ ᠪᠣᠯᠪᠠᠰᠣᠷᠠᠯ ᠬᠢᠵᠡᠶ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ