ᠮᠠᠨ ᠤ ᠬᠣᠰᠢᠭᠤᠨ ᠤ 《 ᠠᠷᠪᠠᠨ ᠭᠤᠷᠪᠠᠳᠤᠭᠠᠷ ᠲᠠᠪᠤᠨ ᠵᠢᠯ 》 ᠤᠨ ᠭᠡᠷᠡᠯ ᠦᠨ ᠡᠨᠧᠷᠭᠢ ᠪᠡᠷ ᠶᠠᠳᠠᠭᠤ ᠶ᠋ᠢ ᠲᠡᠳᠬᠦᠬᠦ ᠲᠣᠰᠬᠣᠨ ᠤ ᠲᠡᠰ ᠤᠨ ᠴᠠᠬᠢᠯᠭᠠᠨ ᠥᠷᠲᠡᠭᠡ ᠶ᠋ᠢᠨ ᠲᠥᠷᠥᠯ ᠵᠦᠢᠯ ‍ᠢ ᠲᠣᠭᠲᠠᠭᠤᠨ ᠢᠶᠠᠷ ᠠᠬᠢᠭᠣᠯᠵᠣ ᠪᠠᠶᠢᠭ᠎ᠠ

ᠣᠩᠰᠢᠭᠰᠠᠨ ᠤᠳᠠᠭ᠎ᠠ ᠄ 9897     ᠨᠡᠶᠢᠳᠡᠯᠡᠭᠰᠡᠨ ᠴᠠᠭ ᠄ 2019/11/22 8:57:42

   ᠦᠢᠷ᠎ᠠ ᠶ᠋ᠢᠨ ᠵᠢᠯ ᠡᠴᠡ ᠨᠠᠰᠢ ᠂ ᠮᠠᠨ ᠤ ᠬᠣᠰᠢᠭᠤ ᠠᠵᠤ ᠠᠬᠤᠢ ᠶ᠋ᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠣᠬᠢᠴᠠᠵᠤ ᠂ ᠲᠥᠷᠥᠯ ᠵᠦᠢᠯ ᠦᠨ ᠪᠦᠲᠦᠭᠡᠨ ᠪᠠᠶᠢᠭᠣᠯᠣᠯᠲᠠ  ᠶ᠋ᠢ ᠠᠵᠤ ᠠᠬᠤᠢ ᠶ᠋ᠢᠨ ᠨᠡᠮᠡᠭᠳᠡᠯ ᠢ  ᠲᠠᠶᠢᠴᠢᠯᠠᠬᠣ  ᠵᠠᠩᠭᠢᠯᠠᠭ᠎ᠠ ᠶ᠋ᠢᠨ ᠠᠷᠭ᠎ᠠ ᠪᠣᠯᠭᠠᠵᠤ ᠂ ᠣᠳᠣᠬᠠᠨ ᠳᠤ ᠂ ᠮᠠᠨ ᠤ ᠬᠣᠰᠢᠭᠤᠨ ᠤ 《 ᠠᠷᠪᠠᠨ ᠭᠤᠷᠪᠠᠳᠤᠭᠠᠷ ᠲᠠᠪᠤᠨ ᠵᠢᠯ 》 ᠤᠨ ᠭᠡᠷᠡᠯ ᠦᠨ ᠡᠨᠧᠷᠭᠢ ᠪᠡᠷ ᠶᠠᠳᠠᠭᠤ ᠶ᠋ᠢ ᠲᠡᠳᠬᠦᠬᠦ ᠲᠣᠰᠬᠣᠨ ᠤ ᠲᠡᠰ ᠤᠨ ᠴᠠᠬᠢᠯᠭᠠᠨ ᠥᠷᠲᠡᠭᠡ ᠶ᠋ᠢᠨ ᠲᠥᠷᠥᠯ ᠵᠦᠢᠯ ᠯᠠᠪᠳᠠᠭᠤᠨ ᠪᠠᠳᠣᠳᠠᠢ ᠢᠶᠠᠷ ᠠᠬᠢᠭᠣᠯᠵᠣ  ᠪᠠᠶᠢᠨ᠎ᠠ  ᠃

 

    

 

     ᠪᠠᠷᠢᠯᠭ᠎ᠠ ᠶ᠋ᠢᠨ ᠲᠤᠬᠠᠶ ᠶ᠋ᠢᠨ ᠲᠠᠯᠠᠪᠠᠢ ᠳᠤ ᠬᠦᠷᠬᠦ ᠳᠤ ᠂ ᠮᠠᠰᠢᠨ ᠲᠡᠷᠭᠡ ᠨᠠᠰᠢ ᠴᠠᠰᠢ ᠰᠦᠯᠵᠢᠯᠳ᠋ᠦᠵᠦ ᠂ ᠪᠠᠷᠢᠯᠭ᠎ᠠ ᠶ᠋ᠢᠨ ᠠᠵᠢᠯᠲᠠᠳ ᠶᠠᠭᠠᠷᠠᠯᠲᠠᠶ ᠠᠵᠢᠯᠯᠠᠨ ᠂ ᠲᠤᠯᠭᠠᠭᠤᠷᠢ ᠵᠢᠶᠠᠰᠠ ᠤᠭᠰᠠᠷᠠᠵᠤ ᠂ ᠪᠠᠷᠢᠯᠭ᠎ᠠ ᠶ᠋ᠢᠨ ᠭᠠᠵᠠᠷ ᠲᠤ ᠮᠠᠰᠢ ᠶᠠᠭᠠᠷᠠᠯᠲᠠᠶ ᠪᠠᠶᠢᠳᠠᠯ ᠢᠯᠡᠷᠡᠨ᠎ᠡ ᠃

  

     

  

      《 ᠠᠷᠪᠠᠨ ᠭᠤᠷᠪᠠᠳᠤᠭᠠᠷ ᠲᠠᠪᠤᠨ ᠵᠢᠯ 》 ᠤᠨ ᠭᠡᠷᠡᠯ ᠤᠨ ᠡᠨᠧᠷᠭᠢ ᠪᠡᠷ ᠶᠠᠳᠠᠭᠤ ᠶ᠋ᠢ ᠲᠡᠳᠬᠦᠬᠦ ᠲᠣᠰᠬᠣᠨ ᠤ ᠲᠡᠰ ᠤᠨ ᠴᠠᠬᠢᠯᠭᠠᠨ ᠥᠷᠲᠡᠭᠡ ᠶ᠋ᠢᠨ ᠲᠥᠷᠥᠯ  ᠵᠦᠢᠯ ᠦᠨ ᠬᠠᠷᠢᠭᠤᠴᠠᠯᠭᠠᠲᠠᠨ  ᠲᠢᠶᠠᠨ ᠵᠦᠩ ᠶᠤᠸᠠᠨ ᠄ ᠮᠠᠨ ᠤ ᠨᠠᠢᠮᠠᠨ ᠬᠣᠰᠢᠭᠤᠨ ᠤ ᠭᠡᠷᠡᠯ ᠤᠨ ᠡᠨᠧᠷᠭᠢ ᠪᠡᠷ ᠶᠠᠳᠠᠭᠤ ᠶ᠋ᠢ ᠲᠡᠳᠬᠦᠬᠦ ᠲᠥᠷᠥᠯ ᠵᠦᠢᠯ ᠦᠨ ᠪᠦᠲᠦᠭᠡᠨ  ᠪᠠᠶᠢᠭᠣᠯᠣᠯᠲᠠ  ᠶ᠋ᠢᠨ ᠶᠡᠷᠦᠩᠬᠡᠶ ᠪᠠᠭᠲᠠᠭᠠᠮᠵᠢ ᠨᠢ 23.9 ᠰᠠᠶ᠎ᠠ ᠸᠠᠲ  ᠪᠠᠶᠢᠵᠦ  ᠂ 9 ᠰᠠᠷ᠎ᠠ ᠶ᠋ᠢᠨ 3 ᠦ ᠡᠳ᠋ᠦᠷ ᠡᠴᠠ ᠠᠵᠢᠯ ᠡᠬᠢᠯᠡᠵᠦ ᠂ ᠲᠣᠰ ᠢᠨᠵᠧᠨᠧᠷᠢᠩ ᠤᠨ ᠪᠦᠲᠦᠭᠡᠨ  ᠪᠠᠶᠢᠭᠣᠯᠣᠯᠳᠠ  ᠶ᠋ᠢᠨ ᠭᠠᠵᠠᠷ 11 ᠰᠢᠶᠠᠩ ᠪᠠᠯᠭᠠᠰᠤ ᠳᠤ ᠲᠠᠷᠬᠠᠨ ᠂ ᠣᠳᠣᠬᠠᠨ ᠳᠤ ᠢᠨᠵᠧᠨᠧᠷᠢᠩ ᠤᠨ ᠪᠦᠲᠦᠭᠡᠨ  ᠪᠠᠶᠢᠭᠣᠯᠣᠯᠲᠠ  ᠶ᠋ᠢᠨ ᠶᠡᠷᠦᠩᠬᠡᠶ ᠠᠬᠢᠴᠠ ᠨᠢᠬᠡᠨᠳᠡ 80 % ᠳ᠋ᠦ ᠬᠦᠷᠴᠦ ᠂ ᠵᠢᠱᠢᠯᠲᠡ ᠪᠡᠷ 12 ᠰᠠᠷ᠎ᠠ ᠶ᠋ᠢᠨ 30 ᠦ ᠡᠳ᠋ᠦᠷ  ᠴᠢᠬᠢᠯᠭᠠᠨ ᠲᠣᠣᠷ  ᠨᠡᠶᠢᠯᠠᠨ᠎ᠡ ᠃

  

     

  

      ᠣᠶᠢᠷ᠎ᠠ ᠶ᠋ᠢᠨ ᠵᠢᠯ ᠳᠦ ᠂ ᠮᠠᠨ ᠤ ᠬᠣᠰᠢᠭᠤ ᠥᠷᠭᠡᠨ ᠠᠭᠤᠳᠠᠮ ᠡᠯᠡᠰᠦᠷᠬᠡᠭ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ ᠂ ᠭᠡᠷᠡᠯ ᠢᠶ᠋ᠡᠷ ᠴᠠᠬᠢᠯᠭᠠᠨ ᠭᠠᠷᠭᠠᠬᠤ ᠲᠥᠷᠥᠯ ᠵᠦᠢᠯ ᠢ ᠶᠡᠬᠡᠪᠡᠷ ᠭᠦᠭᠵᠢᠭᠦᠯᠦᠭᠰᠡᠨ ᠪᠠᠶᠢᠨ᠎ᠠ ᠃ 《 ᠠᠷᠪᠠᠨ ᠭᠣᠷᠪᠠᠳᠣᠭᠠᠷ ᠳᠠᠪᠣᠨ ᠵᠢᠯ 》 ‍ᠤᠨ ᠭᠡᠷᠡᠯ ᠤᠨ ᠡᠨᠧᠷᠭᠢ ᠪᠡᠷ ᠶᠠᠳᠠᠭᠤ ᠶ᠋ᠢ ᠲᠡᠳᠬᠦᠬᠦ ᠲᠣᠰᠬᠣᠨ ᠤ ᠲᠡᠰ ᠤᠨ ᠴᠠᠬᠢᠯᠭᠠᠨ ᠥᠷᠲᠡᠭᠡ ᠶ᠋ᠢᠨ ᠲᠥᠷᠥᠯ ᠵᠦᠢᠯ ᠢ ᠥᠪᠥᠷ ᠮᠣᠩᠭᠣᠯ ᠤᠨ  ᠨᠠᠢᠮᠠᠨ ᠴᠠᠬᠢᠯᠭᠠᠨ ᠬᠦᠴᠦᠨ ᠦ ᠬᠢᠵᠠᠭᠠᠷᠲᠤ ᠺᠣᠮᠫᠠᠨᠢ ᠡᠴᠠ ᠪᠠᠯᠠ ᠣᠷᠣᠭᠤᠯᠤᠨ ᠪᠦᠲᠦᠭᠡᠨ  ᠪᠠᠶᠢᠭᠣᠯᠵᠣ ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 1.6 ᠳ᠋ᠦ᠋ᠩᠰᠢᠭᠤᠷ ᠬᠦᠷᠴᠣ ᠂ ᠲᠥᠯᠥᠪᠵᠢᠭᠦᠯᠭᠡ ᠶ᠋ᠢᠨ ᠪᠠᠭᠲᠠᠭᠠᠮᠵᠢ ᠨᠢ 23.9 ᠰᠠᠶ᠎ᠠ ᠸᠠᠲ  ᠪᠠᠶᠢᠵᠣ ᠂ ᠪᠠᠶᠢᠭᠣᠯᠵᠣ ᠳᠠᠭᠤᠰᠤᠭᠰᠠᠨ ᠤ ᠳᠠᠷᠠᠭ᠎ᠠ ᠵᠢᠱᠢᠯᠲᠡ ᠪᠡᠷ ᠵᠢᠯ ᠪᠦᠷᠢ ᠶ᠋ᠢᠨ ᠴᠠᠬᠢᠯᠭᠠᠨ ᠤ ᠬᠡᠮᠵᠢᠶ᠎ᠡ 3.9 ᠲᠦᠮᠡᠨ ᠺᠢᠯᠣᠸᠠᠲ ᠬᠠᠩᠭᠠᠵᠤ ᠂ ᠵᠢᠯ ᠳᠦ 1333 ᠴᠠᠭ ᠬᠡᠷᠡᠭᠯᠡᠵᠦ ᠪᠣᠯᠤᠨ᠎ᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ