ᠦ᠋ ᠬᠠᠢ ᠳ᠋ᠦᠡᠭ ᠨᠡᠷ ᠮᠠᠨ ‍ᠤ ᠬᠣᠰᠢᠭᠣᠨ  ᠳᠤ ᠢᠷᠡᠵᠦ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 9893     ᠨᠡᠶᠢᠳᠡᠯᠡᠭᠰᠡᠨ ᠴᠠᠭ ᠄ 2019/11/22 9:23:21

      11 ᠳ᠋ᠦ᠋ᠬᠡᠷ ᠰᠠᠷ᠎ᠠ ᠶ᠋ᠢᠨ 19 ‍ᠦ ᠡᠳ᠋ᠦᠷ ᠂ ᠬᠣᠲᠠ ᠶ᠋ᠢᠨ ᠨᠠᠮ ‍ᠤᠨ ᠬᠣᠷᠢᠶ᠎ᠠ ᠶ᠋ᠢᠨ ᠪᠠᠶᠢᠡᠭᠭᠣ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠣ ᠬᠣᠷᠢᠶᠠᠨ ᠤ ᠱᠦᠵᠢ ᠂ ᠬᠢᠨᠠᠨ ᠪᠠᠶᠢᠴᠠᠭᠠᠬᠣ ᠵᠥᠪᠯᠡᠯ ᠦᠨ ᠡᠷᠬᠢᠯᠡᠭᠴᠢ ᠦ᠋ ᠬᠠᠢ ᠳ᠋ᠦᠡᠭ ᠨᠡᠷ ᠮᠠᠨ ‍ᠤ ᠬᠣᠰᠢᠭᠤᠨ ᠤ ᠬᠣᠡᠭᠬᠣᠷᠳᠠᠯ᠎ᠠ ᠰᠤᠮᠤ ᠵᠢᠴᠢ ᠬᠠᠮᠢᠶ᠎ᠠ ᠪᠦᠬᠦᠢ ᠠᠵᠤ ᠠᠬᠣᠶᠢᠯᠠᠯ ᠠᠵᠢᠯ ᠦᠢᠯᠡᠰ ᠦᠨ ᠨᠢᠭᠡᠴᠡ ᠳᠦ  ᠭᠦᠡᠵᠡᠭᠡᠶᠢᠷᠡᠨ ᠭᠣᠣᠯ ᠰᠡᠳ᠋ᠦᠪᠲᠦ ᠬᠥᠮᠦᠵᠢᠯ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠲᠠ ᠰᠢᠪᠲᠤᠯᠬᠤ ᠪᠠ  ᠨᠡᠶᠢᠲᠡ ᠶ᠋ᠢᠨ ᠦᠮᠴᠢᠯᠡᠯᠳᠦ ᠪᠤᠰᠤ ᠠᠵᠤ ᠠᠬᠣᠶᠢᠯᠠᠯ ‍ᠤᠨ ᠬᠥᠭᠵᠢᠯᠲᠡ ᠵᠡᠷᠭᠡ ᠠᠵᠢᠯ ‍ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃

    

     ᠬᠣᠡᠭᠬᠣᠷᠳᠠᠯ᠎ᠠ ᠰᠤᠮᠤᠨ ᠳᠤ ᠂ ᠦ᠋ ᠬᠠᠢ ᠳ᠋ᠦᠡᠭ ᠭᠣᠣᠯ ᠰᠡᠳ᠋ᠦᠪᠲᠦ ᠬᠥᠮᠦᠵᠢᠯ ᠪᠣᠯᠤᠨ ᠶᠠᠳᠠᠭᠤ ᠡᠴᠠ ᠠᠡᠭᠭᠢᠵᠢᠷᠠᠭᠣᠯᠣᠨ ᠪᠣᠭᠣᠮᠲᠠ ᠰᠢᠪᠲᠤᠯᠬᠤ ᠵᠡᠷᠭᠡ ᠠᠵᠢᠯ ᠥᠷᠨᠢᠭᠦᠯᠦᠭᠰᠡᠨ  ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠣᠡᠭᠬᠣᠷᠳᠠᠯ᠎ᠠ ᠰᠣᠮᠣ ᠶ᠋ᠢᠨ ᠳᠤᠮᠳᠠᠳᠤ ᠪᠠᠭ᠎ᠠ ᠰᠤᠷᠭᠠᠭᠤᠯᠢ ᠳᠤ  ᠭᠦᠡᠵᠡᠭᠡᠶᠢᠷᠡᠵᠣ ᠂ ᠰᠠᠭᠤᠷᠢ ᠲᠥᠬᠥᠭᠡᠷᠦᠮᠵᠢ ᠶ᠋ᠢᠨ ᠪᠦᠲᠦᠭᠡᠨ  ᠪᠠᠶᠢᠭᠣᠯᠣᠯᠳᠠ ᠶ᠋ᠢᠨ  ᠪᠠᠶᠢᠳᠠᠯ ᠢ ᠲᠤᠬᠠᠶ ᠶ᠋ᠢᠨ ᠭᠠᠵᠠᠷ  ᠲᠦ  ᠣᠶᠢᠯᠠᠭᠠᠵᠣ ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠡᠶ ᠰᠠᠨᠠᠯ ᠢᠶᠡᠨ ᠭᠦᠨᠵᠡᠭᠡᠶ ᠰᠣᠯᠢᠯᠴᠠᠨ ᠂ ᠲᠡᠷᠡ ᠵᠢᠭᠠᠵᠣ ᠭᠠᠷᠭᠠᠠᠠᠰᠠᠨ ᠨᠢ ᠂ ᠨᠠᠮ ᠤᠨ ᠠᠷᠪᠠ ᠶᠢᠰᠣᠳᠣᠭᠡᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳ᠋ᠦᠭᠡᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ  ᠣᠶᠢᠯᠠᠭᠠᠵᠣ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠳᠦᠷᠢᠮ ‍ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠠᠵᠢᠯ ‍ᠤᠨ ᠳᠦᠷᠢᠮ ‍ᠢ ᠳᠡᠬᠦᠯᠳᠡᠷᠵᠢᠬᠦᠯᠦᠨ ᠂ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ‍ᠤᠨ ᠲᠣᠭᠲᠠᠴᠠ ᠶ᠋ᠢ ᠰᠦᠪᠡᠭᠴᠢᠯᠡᠨ  ᠪᠠᠶᠢᠭᠣᠯᠬᠤ ᠬᠡᠷᠡᠭᠲᠡᠶ ᠃  ᠭᠣᠣᠯ ᠰᠡᠳ᠋ᠦᠪᠲᠦ ᠬᠥᠮᠦᠵᠢᠯ ᠲᠡᠶ ᠨᠢᠡᠡᠳᠡ ᠤᠶᠠᠯᠳᠤᠭᠤᠯᠵᠤ ᠂ ᠦᠨᠡᠨ ᠡᠴᠡ ᠵᠥᠪ ᠢ ᠡᠷᠢᠨ ᠂ ᠨᠢᠭᠡᠳ᠋ᠦᠯᠲᠡᠶ ᠲᠥᠯᠥᠪᠵᠢᠭᠦᠯᠦᠨ ᠵᠣᠬᠢᠴᠠᠭᠤᠯᠵᠤ ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ ᠂ ᠣᠯᠠᠨ ᠲᠦᠮᠡᠨ ᠦ ᠬᠦᠷᠲᠡᠮᠵᠢ ᠶ᠋ᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ ᠃ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ ᠢ ᠬᠦᠭᠵᠢᠬᠦᠯᠵᠦ ᠮᠠᠨᠳᠤᠭᠤᠯᠬᠤ  ᠪᠠᠶᠢᠯᠳᠣᠬᠣ ᠪᠣᠳᠣᠯᠭ᠎ᠠ ᠶ᠋ᠢ ᠬᠡᠷᠡᠭᠵᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ ᠂ ᠦᠨᠳ᠋ᠦᠰᠦᠨ ᠱᠠᠲᠤᠨ ᠤ ᠨᠠᠮ ᠤᠨ ᠵᠣᠬᠢᠶᠠᠨ  ᠪᠠᠶᠢᠭᠤᠯᠣᠯᠳᠠ  ᠶ᠋ᠢᠨ  ᠲᠠᠶᠢᠴᠢᠨ ᠪᠡᠬᠢᠯᠡᠯᠲᠡ ᠶ᠋ᠢᠨ ᠣᠶᠢᠯᠡᠳᠣᠯ ᠪᠣᠯᠤᠨ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶ᠋ᠢᠨ ᠭᠡᠰᠢᠭᠦᠨ ᠦ ᠬᠣᠰᠢᠭᠤᠴᠢ ᠣᠶᠢᠯᠠᠳᠣᠯ ᠢ ᠭᠦᠢᠴᠡᠣᠨ ᠪᠠᠳᠠᠷᠠᠭᠤᠯᠵᠤ ᠂ ᠣᠯᠠᠨ ᠲᠦᠮᠡᠨ ᠦ ᠠᠮᠢᠳᠤᠷᠠᠯ ᠤᠨ ᠣᠷᠴᠢᠨ ᠲᠣᠭᠣᠷᠢᠨ ‍ᠢ ᠦᠨᠡᠨᠬᠦ ᠬᠤᠪᠢᠷᠠᠭᠤᠯᠬᠤ ᠶ᠋ᠢᠨ ᠲᠥᠯᠥᠭᠡ ᠲᠡᠮᠡᠴᠡᠬᠦ ᠢᠳᠡᠪᠬᠢᠵᠢᠯ ᠢ ᠴᠢᠨᠠᠭᠰᠢᠳᠠ ᠲᠠᠶᠢᠴᠢᠯᠠᠵᠣ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠲᠠᠶᠢᠯᠠᠯᠳᠣᠭᠠᠨ ᠢ  ᠰᠠᠶᠢᠳᠣᠷ ᠬᠢᠵᠦ ᠢᠯᠠᠯᠲᠠ ᠣᠯᠬᠤ ᠬᠡᠷᠡᠭᠲᠡᠶ ᠭᠡᠵᠡᠢ ᠃

  

    ᠨᠠᠢᠮᠠᠨ ᠬᠣᠰᠢᠭᠤᠨ ᠤ ᠠᠵᠤ ᠣᠶᠢᠯᠡᠳᠪᠣᠷᠢ ᠶ᠋ᠢᠨ ᠬᠦᠷᠢᠶᠡᠯᠡᠩ ᠲᠣᠭᠣᠷᠢᠭ ᠵᠢᠴᠢ ᠵᠢᠩ ᠠᠨ ᠥᠩᠭᠡᠲᠦ ᠲᠡᠮᠦᠷᠯᠢᠭ ‍ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶ᠋ᠢᠨ ᠠᠵᠢᠯᠲᠠᠨ ᠲᠠᠢ ᠶᠠᠷᠢᠯᠴᠠᠵᠤ ᠰᠠᠨᠠᠯ ᠢᠶᠡᠨ ᠰᠣᠯᠢᠯᠴᠠᠬᠤ ᠦᠶ᠎ᠡ ᠳᠤ ᠂ ᠦ᠋ ᠬᠠᠢ ᠳ᠋ᠦᠡᠭ  ᠴᠢᠬᠤᠯᠠᠴᠢᠯᠠᠭᠰᠠᠨ ᠨᠢ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠥᠪᠥᠷ ᠮᠣᠩᠭᠣᠯ ᠳᠤ ᠪᠠᠶᠢᠴᠠᠭᠠᠯᠳᠠ ᠬᠢᠬᠦ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠣ ᠂ ᠲᠡᠭᠡᠳᠣ ᠬᠡᠮᠵᠢᠶᠡᠨ ᠦ ᠤᠯᠤᠰ ᠲᠥᠷᠦ ᠶ᠋ᠢᠨ ᠤᠬᠠᠮᠰᠠᠷ ᠪᠠ ᠦᠢᠯᠡ ᠠᠵᠢᠯᠯᠠᠭ᠎ᠠ ᠪᠠᠷ ᠢᠶᠡᠨ ᠰᠢ ᠶ᠋ᠢᠨ ᠫᠢᠩ ᠦᠨ ᠠᠮᠢ ᠠᠬᠤᠢ ᠶ᠋ᠢᠨ ᠪᠣᠯᠪᠠᠰᠤᠨ ᠤ ᠦᠵᠡᠯ ᠰᠠᠨᠠᠭ᠎ᠠ ᠶ᠋ᠢ ᠤᠬᠠᠮᠰᠠᠷ ᠡᠴᠠ ᠪᠠᠨ ᠦᠢᠯᠡᠳᠦᠯᠬᠡᠵᠢᠬᠦᠯᠵᠦ ᠂ ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠨ ᠂ ᠪᠣᠬᠢᠷᠲᠤᠯ ᠦᠭᠡᠢ ᠬᠥᠭᠵᠢᠯᠲᠡ ᠶ᠋ᠢ  ᠲᠣᠪᠣᠶᠢᠯᠭᠠᠵᠣ ᠂ ᠢᠲᠡᠭᠡᠯ ᠵᠣᠷᠢᠭ ᠢᠶᠡᠨ ᠤᠯᠠᠮ ᠴᠢᠨᠠᠭᠰᠢᠳᠠ ᠪᠠᠲᠤᠳᠬᠠᠵᠤ ᠂ ᠰᠢᠨ᠎ᠡ ᠶ᠋ᠢ ᠡᠭᠦᠳ᠋ᠦᠨ ᠬᠥᠭᠵᠢᠭᠦᠯᠵᠦ ᠂ ᠠᠵᠤ ᠠᠬᠣᠶᠢᠯᠠᠯ ‍ᠤᠨ  ᠭᠣᠣᠯᠯᠠᠡᠴᠢ ᠥᠷᠢᠰᠦᠯᠳ᠋ᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ ᠂ ᠪᠦᠬᠦ ᠬᠣᠲᠠ ᠶ᠋ᠢᠨ ᠠᠵᠤ ᠠᠬᠤᠶ  ᠨᠠᠶᠢᠭᠡᠮ ᠦᠨ ᠴᠢᠨᠠᠷ   ᠰᠠᠶᠢᠳᠣᠷ ᠬᠥᠭᠵᠢᠯᠲᠡ ᠶ᠋ᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠃ ᠠᠵᠤ ᠣᠶᠢᠯᠡᠳᠪᠣᠷᠢ ᠶ᠋ᠢᠨ ᠬᠦᠷᠢᠶᠡᠯᠡᠩ ᠲᠣᠭᠣᠷᠢᠭ ᠨᠢᠭᠡᠳ᠋ᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠣᠶᠢᠯᠡᠴᠢᠯᠡᠭᠡᠨ ᠦ ᠲᠦᠪᠰᠢᠨ ᠢᠶ᠋ᠡᠨ ᠦᠷᠭᠦᠯᠵᠢᠯᠡᠨ ᠳᠡᠭᠡᠭᠰᠢᠯᠡᠭᠦᠯᠵᠦ ᠂ 《 ᠳᠣᠲᠣᠨᠣ 》 《 ᠴᠢᠬᠡᠴᠢ 》 ᠵᠠᠰᠠᠭ ᠬᠤᠳᠠᠯᠳᠤᠭᠠᠨ ᠤ ᠬᠠᠷᠢᠴᠠᠭ᠎ᠠ ᠶ᠋ᠢ ᠬᠦᠴᠦᠯᠡᠨ ᠪᠠᠶᠢᠭᠣᠯᠵᠦ ᠂ ᠠᠵᠤ ᠠᠬᠣᠶᠢᠯᠠᠯ ᠤᠨ ᠰᠢᠨ᠎ᠡ ᠶ᠋ᠢ ᠡᠭᠦᠳᠬᠦ ᠬᠥᠭᠵᠢᠯᠲᠡ ᠶ᠋ᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠂ ᠨᠠᠩ ᠴᠢᠨᠠᠷ  ᠰᠠᠶᠢᠳᠣᠷ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠪᠠ ᠵᠠᠬ᠎ᠠ ᠳᠡᠯᠭᠡᠭᠦᠷ ᠦᠨ ᠣᠷᠴᠢᠨ ᠲᠣᠭᠣᠷᠢᠨ ‍ᠢ  ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠡᠢ ᠃

 

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ