ᠪᠡᠭᠡᠵᠢᠩ ᠤᠨ ᠵᠠᠯᠠᠭᠤᠴᠤᠳ ᠤᠨ ᠬᠣᠯᠪᠣᠭᠠᠲᠤ ᠬᠤᠷᠠᠯ ᠮᠠᠨ ‍ᠤ ᠬᠣᠰᠢᠭᠤᠨ ᠳ᠋ᠤ ᠢᠷᠡᠵᠦ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ 《 ᠵᠠᠭᠤᠨ ᠠᠵᠤ ᠠᠬᠣᠶᠢᠯᠠᠯ ᠵᠠᠭᠤᠨ ᠲᠣᠰᠬᠣᠨ ‍ᠢ ᠬᠠᠪᠰᠤᠷᠬᠤ 》 ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 9332     ᠨᠡᠶᠢᠳᠡᠯᠡᠭᠰᠡᠨ ᠴᠠᠭ ᠄ 2019/11/28 8:44:29

      11 ᠳ᠋ᠣᠭᠡᠷ ᠰᠠᠷ᠎ᠠ ᠶ᠋ᠢᠨ 21 ‍ᠦ ᠡᠳᠦᠷ ᠂ ᠪᠡᠭᠡᠵᠢᠩ ᠬᠣᠳᠠ ᠶ᠋ᠢᠨ ᠡᠪᠯᠡᠯ ‍ᠦᠨ ᠬᠣᠷᠢᠶᠠᠨ ‍ᠤ ᠨᠢᠭᠡᠳᠦᠮᠡᠯ ᠹᠷᠣᠨᠲ ‍ᠤᠨ ᠬᠡᠯᠲᠡᠰ ‍ᠦᠨ ᠳᠠᠷᠤᠭ᠎ᠠ ᠂ ᠪᠡᠭᠡᠵᠢᠩ ᠤᠨ ᠵᠠᠯᠠᠭᠤᠴᠤᠳ ᠤᠨ ᠬᠣᠯᠪᠣᠭᠠᠲᠤ ᠬᠤᠷᠠᠯ ‍ᠤᠨ ᠨᠠᠷᠢᠨ ᠪᠢᠴᠢᠭ ‍ᠦᠨ ᠳᠠᠷᠤᠭ᠎ᠠ ᠯᠢᠨ ᠢᠦᠢ ᠮᠠᠨ ‍ᠤ ᠬᠣᠰᠢᠭᠤᠨ ᠳ᠋ᠤ ᠢᠷᠡᠵᠦ ᠪᠡᠭᠡᠵᠢᠩ ᠤᠨ ᠵᠠᠯᠠᠭᠤᠴᠤᠳ ᠤᠨ ᠬᠣᠯᠪᠣᠭᠠᠲᠤ ᠬᠤᠷᠠᠯ ‍ᠤᠨ ᠨᠠᠢᠮᠠᠨ ᠬᠣᠰᠢᠭᠤᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ 《 ᠵᠠᠭᠤᠨ ᠠᠵᠤ ᠠᠬᠣᠶᠢᠯᠠᠯ ᠵᠠᠭᠤᠨ ᠲᠣᠰᠬᠣᠨ ‍ᠢ ᠬᠠᠪᠰᠤᠷᠬᠤ 》 ᠠᠵᠢᠯ ᠳ᠋ᠤ  ᠪᠠᠶᠢᠴᠠᠭᠠᠨ ᠰᠤᠳᠤᠯᠤᠯᠲᠠ ᠬᠢᠪᠡ ᠃ ᠲᠦᠩᠯᠢᠶᠣᠤ ᠬᠣᠲᠠ ᠶ᠋ᠢᠨ ᠡᠪᠯᠡᠯ ‍ᠦᠨ ᠬᠣᠷᠢᠶᠠᠨ ‍ᠤ ᠱᠦᠵᠢ ᠯᠢᠦ ᠶᠠᠩ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠱᠦᠵᠢ ᠸᠠᠩ ᠵᠧᠨ ᠴᠧᠩ ᠂ ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠳᠠᠩ ᠳ᠋ᠢᠶᠠᠨ ᠺᠸ ᠪᠠᠷ᠎ᠠ ᠪᠣᠯᠵᠣ ᠰᠣᠯᠢᠯᠴᠠᠭᠠᠨ ‍ᠤ ᠬᠤᠷᠠᠯ ᠳ᠋ᠤ ᠣᠷᠣᠯᠴᠠᠭᠰᠠᠨ ᠪᠠᠶᠢᠨ᠎ᠠ ᠃

     

      ᠯᠢᠨ ᠢᠦᠢ ᠨᠡᠷ ᠤᠷᠢᠳ ᠬᠣᠵᠢᠳ ᡁᠢ ᠠᠨ ᠪᠠᠯᠭᠠᠰᠤᠨ ‍ᠤ ᠠᠷᠣ ᠶ᠋ᠢᠨ ᠠᠶᠢᠯ ᠭᠠᠴᠠᠭ᠎ᠠ ᠶ᠋ᠢᠨ ᠰᠢᠨ᠎ᠡ ᠰᠣᠷᠭᠣᠭ ᠢᠳᠡᠭᠡᠨ ‍ᠦ ᠬᠥᠮᠥᠷᠭᠡ ᠂ ᠥᠪᠥᠷ ᠮᠣᠩᠭᠣᠯ ‍ᠤᠨ ᠯᠣᠣᠬ᠎ᠠ ᠶ᠋ᠢᠨ ᠭᠣᠣᠯ ᠠᠮᠣ ᠲᠣᠰᠣᠨ ᠤ ᠠᠵᠤ  ᠦᠢᠯᠡᠳᠪᠣᠷᠢ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳ᠋ᠤ ᠬᠦᠷᠴᠦ ᠠᠵᠢᠯᠯᠠᠭᠠᠨ ᠤ ᠪᠠᠶᠢᠳᠠᠯ ᠳ᠋ᠥ ᠪᠠᠶᠢᠴᠠᠭᠠᠨ ᠰᠣᠳᠣᠯᠣᠯᠳᠠ ᠬᠢᠵᠦ ᠂ ᡁᠢ ᠠᠨ ᠪᠠᠯᠭᠠᠰᠤᠨ ‍ᠤ ᠡᠯ ᠬᠣᠥ ᠲᠣᠰᠬᠣᠨ ‍ᠤ ᠵᠢᠷᠭᠤᠭᠠᠨ ᠶᠠᠳᠠᠭᠤ ᠬᠦᠴᠢᠷᠳᠡᠯᠲᠡᠶ ᠡᠷᠦᠬᠡ ᠳ᠋ᠥ ᠭᠦᠨᠵᠡᠭᠡᠶᠢᠷᠡᠵᠦ ᠪᠣᠯᠭᠣᠭᠠᠨ ᠲᠣᠬᠣᠨᠢᠭᠣᠯᠭ᠎ᠠ ᠬᠢᠭᠰᠡᠨ ᠪᠠᠶᠢᠨ᠎ᠠ ᠃

    ᠲᠠᠷᠠᠭ᠎ᠠ ᠶ᠋ᠢᠨ ᠰᠠᠭᠣᠳᠠᠯ ᠤᠨ ᠬᠤᠷᠠᠯ ᠳᠡᠭᠡᠷ᠎ᠡ ᠂ ᠬᠣᠰᠢᠭᠣᠨ ᠤ ᠡᠪᠯᠡᠯ ‍ᠤᠨ ᠬᠣᠷᠢᠶ᠎ᠠ ᠂ ᠬᠣᠰᠢᠭᠤᠨ ‍ᠤ  ᠦᠢᠯᠡᠳᠪᠦᠷᠢ ᠬᠤᠳᠠᠯᠳᠤᠭᠠᠨ ‍ᠤ ᠬᠣᠯᠪᠣᠭ᠎ᠠ ᠂ ᠲᠠᠷᠢᠶᠠᠯᠠᠩ ᠮᠠᠯ ᠠᠵᠤ ᠠᠬᠤᠢ ᠶ᠋ᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠯᠣᠣᠬ᠎ᠠ ᠶ᠋ᠢᠨ ᠭᠣᠤᠯ ᠠᠮᠣ ᠲᠣᠰᠣ ᠂ ᠮᠧᠩ ᠶᠤᠸᠠᠨ ᠰᠢᠯᠢᠳᠡᠭ  ᠦᠢᠯᠡᠳᠭᠦᠨ ᠵᠡᠷᠭᠡ ᠠᠵᠤ ᠠᠬᠣᠶᠢᠯᠠᠯ ᠣᠳᠣᠬᠠᠨ ‍ᠤ ᠬᠠᠪᠰᠤᠷᠤᠨ ᠲᠡᠳᠬᠦᠬᠦ ᠠᠵᠢᠯ ᠳ᠋ᠥ ᠨᠠᠷᠢᠨ ᠲᠣᠳᠣᠷᠬᠠᠶ ᠬᠠᠷᠢᠭᠤ ᠮᠡᠳᠡᠭᠦᠯᠦᠯᠳᠡ ᠬᠢᠭᠰᠡᠨ ᠪᠥᠭᠡᠳ ᠲᠠᠷᠠᠭᠠᠴᠢ ᠶ᠋ᠢᠨ ᠠᠯᠬᠤᠮ ‍ᠤᠨ ᠲᠥᠯᠥᠪᠯᠡᠭᠡ ᠵᠢᠴᠢ ᠠᠵᠤ ᠠᠬᠣᠶᠢᠯᠠᠯ ‍ᠤᠨ ᠤᠯᠠᠮ ᠴᠢᠨᠠᠭᠰᠢᠳᠠ ᠭᠦᠨᠵᠡᠭᠡᠶ ᠬᠠᠪᠰᠤᠷᠤᠨ ᠲᠡᠳᠬᠦᠬᠦ ᠶ᠋ᠢ ᠬᠦᠰᠡᠵᠦ ᠪᠠᠶᠢᠬᠤ ᠪᠠᠨ ᠢᠯᠡᠳᠬᠡᠪᠡ ᠃

     

     ᠯᠢᠨ ᠢᠦᠢ ᠢᠯᠡᠳᠭᠡᠭᠰᠡᠨ ᠨᠢ ᠂ ᠵᠠᠯᠠᠭᠤᠴᠤᠳ ᠤᠨ ᠠᠵᠢᠯ ᠣᠯᠭᠣᠯᠲᠠ ᠵᠢᠴᠢ ᠡᠯᠧᠺᠲ᠋ᠷᠣᠨ ᠬᠤᠳᠠᠯᠳᠤᠭᠠᠨ ‍ᠤ ᠶᠠᠪᠤᠳᠠᠯ ‍ᠤᠨ ᠲᠠᠯ᠎ᠠ ᠳ᠋ᠤ ᠴᠢᠬᠤᠯᠠ ᠪᠦᠬᠦᠢ ᠳᠡᠮᠵᠢᠯᠭᠡ ᠦᠵᠡᠬᠦᠯᠵᠦ ᠂ ᠵᠠᠯᠠᠭᠤᠴᠤᠳ ᠤᠨ ᠬᠣᠯᠪᠣᠭᠠᠨ ᠤ ᠡᠬᠢ ᠪᠠᠶᠠᠯᠢᠭ ‍ᠢ ᠶᠡᠷᠦᠩᠬᠡᠶᠢᠯᠡᠨ ᠠᠰᠢᠭᠯᠠᠵᠤ ᠂ ᠡᠯ᠎ᠡ ᠬᠦᠷᠢᠶ᠎ᠡ ‍ᠤ ᠬᠥᠭᠵᠢᠯᠲᠡ ᠶ᠋ᠢ ᠳᠡᠮᠵᠢᠵᠦ ᠂ ᠲᠥᠷᠥᠯ ᠵᠦᠢᠯ ‍ᠦᠨ ᠨᠠᠷᠢᠨ ᠳᠠᠩᠰᠠ ᠶ᠋ᠢ ᠡᠮᠬᠢᠯᠡᠨ ᠭᠠᠷᠭᠠᠵᠤ ᠂ ᠬᠦᠴᠦᠨ ‍ᠢᠶ᠋ᠡᠨ ᠲᠥᠪᠯᠡᠷᠡᠭᠦᠯᠦᠨ ᠲᠥᠷᠥᠯ ᠵᠦᠢᠯ ᠳ᠋ᠦ ᠲᠥᠪᠯᠡᠷᠡᠭᠦᠯᠵᠦ ᠂ ᠲᠥᠷᠥᠯ ᠵᠦᠢᠯ ‍ᠦᠨ ᠠᠵᠢᠯᠯᠠᠭᠠᠨ ‍ᠢ ᠭᠣᠣᠯᠳᠠᠯᠭ᠎ᠠ ᠲᠠᠢ ᠳᠠᠮᠵᠢᠨ᠎ᠠ ᠭᠡᠵᠡᠢ ᠃

     

     ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠣᠯᠣᠰ ᠲᠦᠷᠦ ᠬᠠᠣᠯᠢ ᠴᠠᠭᠠᠵᠠ ᠶ᠋ᠢᠨ  ᠬᠣᠷᠢᠶᠠᠨ ᠤ ᠱᠦᠵᠢ ᠸᠠᠩ ᠵᠧᠨ ᠴᠧᠩ ᠬᠣᠰᠢᠭᠤᠨ ‍ᠤ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ‍ᠢ ᠲᠥᠯᠥᠭᠡᠯᠡᠨ ᠪᠡᠭᠡᠵᠢᠩ ᠬᠣᠲᠠ ᠶ᠋ᠢᠨ ᠡᠪᠯᠡᠯ ‍ᠦᠨ ᠬᠣᠷᠢᠶ᠎ᠠ ᠂ ᠪᠡᠭᠡᠵᠢᠩ ‍ᠤᠨ ᠵᠠᠯᠠᠭᠤᠴᠤᠳ ᠤᠨ ᠬᠣᠯᠪᠣᠭᠠᠲᠤ ᠬᠤᠷᠠᠯ ᠤᠨ  ᠨᠠᠢᠮᠠᠨ ᠬᠣᠰᠢᠭᠤᠨ ‍ᠤ ᠬᠠᠪᠰᠤᠷᠤᠯᠭ᠎ᠠ ᠳ᠋ᠤ ᠴᠢᠩ ᠰᠡᠳᠬᠢᠯ ‍ᠦᠨ ᠲᠠᠯᠠᠷᠬᠠᠯ ᠢᠶᠡᠨ ᠲᠡᠪᠰᠢᠭᠦᠯᠬᠦ ᠶ᠋ᠢᠨ ᠬᠠᠮᠳᠣ ᠪᠡᠭᠡᠵᠢᠩ ᠤᠨ ᠵᠠᠯᠠᠭᠤᠴᠤᠳ ᠤᠨ ᠬᠣᠯᠪᠣᠭᠠᠲᠤ ᠬᠤᠷᠠᠯ ᠤᠨ ᠮᠠᠨ ‍ᠤ ᠬᠣᠰᠢᠭᠤ ᠶ᠋ᠢ ᠠᠵᠢᠯ ᠲᠥᠷᠥᠯ ‍ᠢᠶ᠋ᠡᠷ ᠬᠠᠪᠰᠤᠷᠤᠨ ᠲᠡᠳᠬᠦᠬᠦ ᠳ᠋ᠦ ᠬᠡᠳᠦᠨ ᠰᠠᠨᠠᠭᠤᠯᠭ᠎ᠠ ᠲᠣᠷᠡᠳᠣᠭᠰᠠᠨ ᠪᠠᠶᠢᠨ᠎ᠠ ᠃ ᠨᠢᠭᠡ ᠳ᠋ᠦ ᠂ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠶ᠋ᠢ ᠬᠥᠭᠵᠢᠭᠦᠯᠬᠦ ᠳ᠋ᠦ ᠬᠦᠴᠦᠨ ᠨᠡᠮᠡᠷᠢᠯᠡᠨ᠎ᠡ ᠃ ᠬᠣᠶᠠᠷ ᠲᠤ ᠂ ᠲᠠᠷᠢᠶᠠᠯᠠᠩ ‍ᠤᠨ ᠪᠦᠲᠦᠭᠡᠭᠳᠡᠬᠦᠨ ᠮᠠᠯ ‍ᠤᠨ ᠠᠰᠢᠭ ᠰᠢᠮ᠎ᠡ ᠶ᠋ᠢ ᠪᠣᠷᠣᠯᠠᠭᠤᠯᠬᠤ ᠵᠠᠬ᠎ᠠ ᠳᠡᠯᠭᠡᠭᠦᠷ ‍ᠢ ᠬᠠᠪᠰᠤᠷᠤᠨ ᠨᠡᠭᠡᠭᠡᠨ᠎ᠡ ᠃ ᠭᠤᠷᠪᠠ ᠳ᠋ᠤ ᠂ ᠠᠵᠤ  ᠦᠢᠯᠡᠰ ‍ᠢ ᠵᠣᠯᠭᠠᠭᠤᠯᠵᠤ ᠂ ᠠᠵᠤ ᠠᠬᠣᠶᠢᠯᠠᠯ ᠪᠠ ᠲᠥᠷᠥᠯ  ᠵᠦᠢᠯ ‍ᠢ ᠬᠠᠪᠰᠤᠷᠤᠨ ᠣᠷᠣᠭᠤᠯᠵᠤ ᠠᠪᠴᠢᠷᠠᠨ᠎ᠠ ᠃ ᠳᠥᠷᠪᠡ ᠳ᠋ᠦ ᠂ ᠴᠢᠳᠠᠪᠤᠷᠢᠲᠠᠨ ‍ᠢ ᠬᠥᠮᠦᠵᠢᠭᠦᠯᠬᠦ ᠶ᠋ᠢ ᠴᠢᠩᠭᠠᠳᠬᠠᠵᠤ ᠂ ᠬᠥᠳᠡᠯᠮᠦᠷᠢ  ᠦᠢᠯᠡᠴᠢᠯᠡᠭᠡᠨ ‍ᠦ ᠬᠠᠮᠲᠤᠷᠠᠯᠴᠠᠭ᠎ᠠ ᠶ᠋ᠢ ᠥᠷᠭᠡᠨ ‍ᠢᠶ᠋ᠡᠷ ᠦᠷᠨᠢᠬᠦᠯᠬᠦ ᠪᠣᠯᠣᠨ᠎ᠠ ᠃ ᠵᠠᠯᠠᠭᠤᠴᠤᠳ  ᠤᠨ ᠬᠣᠯᠪᠣᠭᠠᠳᠣ ᠬᠣᠷᠠᠯ ᠯᠤᠭ᠎ᠠ ᠶᠠᠳᠠᠭᠤ ᠡᠴᠠ ᠠᠩᠭᠢᠵᠢᠷᠠᠭᠤᠯᠬᠤ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠶᠡᠬᠡ  ᠦᠢᠯᠡᠰ ‍ᠢ ᠬᠠᠮᠲᠤᠪᠠᠷ ᠵᠥᠪᠯᠡᠵᠦ ᠂ ᠦᠵᠡᠰᠬᠦᠯᠡᠩᠲᠦ ᠰᠠᠶᠢᠬᠠᠨ ᠨᠠᠢᠮᠠᠨ ‍ᠢ ᠬᠠᠮᠲᠤᠪᠠᠷ ᠴᠣᠭᠴᠠᠯᠠᠬᠣ ᠪᠣᠯᠣᠨ᠎ᠠ ᠬᠡᠵᠡᠢ ᠃ ᠬᠤᠷᠠᠯ ᠳᠡᠭᠡᠷ᠎ᠡ ᠪᠡᠭᠡᠵᠢᠩ ᠤᠨ ᠵᠠᠯᠠᠭᠤᠴᠤᠳ ᠤᠨ ᠠᠵᠢᠯ ᠲᠥᠷᠥᠯ ‍ᠢᠶ᠋ᠡᠷ ᠬᠠᠪᠰᠤᠷᠤᠨ ᠲᠡᠳᠭᠦᠬᠦ ᠪᠦᠯᠬᠦᠮ ᠮᠠᠨ ‍ᠤ ᠬᠣᠰᠢᠭᠤᠨ ‍ᠤ 30 ᠶᠠᠳᠠᠭᠣ ᠬᠦᠴᠢᠷᠳᠡᠯᠳᠡᠢ ᠲᠣᠰᠬᠣᠨ ᠳ᠋ᠥ 10 ᠲᠦᠮᠡᠨ ᠲᠥᠭᠥᠷᠢᠭ ‍ᠦᠨ ᠲᠤᠰᠬᠠᠶ ᠲᠦᠷᠦᠯ ᠤᠨ ᠪᠠᠯᠠ ᠮᠥᠩᠭᠥ ᠬᠠᠨᠳᠢᠪᠯᠠᠵᠤ ᠂ ᠶᠠᠳᠠᠭᠤ ᠬᠦᠴᠢᠷᠳᠡᠯᠲᠡᠶ ᠡᠷᠦᠬᠡ ᠳ᠋ᠦ ᠪᠣᠳᠠᠭ᠎ᠠ ᠭᠤᠯᠢᠷ ᠬᠤᠳᠠᠯᠳᠤᠨ ᠠᠪᠴᠤ ᠥᠭᠴᠡᠶ ᠃

     

      ᠬᠣᠰᠢᠭᠤᠨ ‍ᠤ ᠡᠪᠯᠡᠯ ‍ᠦᠨ ᠬᠣᠷᠢᠶ᠎ᠠ ᠂  ᠦᠢᠯᠡᠳᠪᠦᠷᠢ ᠬᠤᠳᠠᠯᠳᠤᠭᠠᠨ ‍ᠤ ᠬᠣᠯᠪᠣᠭ᠎ᠠ ᠂ ᠶᠠᠳᠠᠭᠤ ᠶ᠋ᠢ ᠲᠡᠳᠬᠦᠬᠦ ᠠᠯᠪᠠᠨ ᠭᠡᠷ ᠂ ᠬᠤᠳᠠᠯᠳᠤᠭᠠᠨ ‍ᠤ ᠶᠠᠪᠤᠳᠠᠯ ‍ᠤᠨ ᠲᠣᠪᠴᠢᠶ᠎ᠠ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ‍ᠤᠨ ᠲᠣᠪᠴᠢᠶ᠎ᠠ ᠂ ᠡᠷᠡᠭᠦᠯ ᠬᠠᠮᠠᠭᠠᠯᠠᠯ ᠪᠠ ᠪᠦᠲᠦᠭᠡᠨ ᠪᠠᠶᠢᠭᠤᠯᠤᠯᠲᠠ ᠶ᠋ᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠶ᠋ᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠣᠶᠢᠯᠠᠯ ‍ᠤᠨ ᠬᠠᠷᠢᠭᠤᠴᠠᠯᠭᠠᠲᠠᠨ ᠪᠠᠷ᠎ᠠ ᠪᠣᠯᠣᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ