ᠪᠦᠬᠦ ᠬᠣᠰᠢᠭᠤᠨ ‍ᠤ ETC ‍ ᠳᠡᠯᠭᠡᠷᠡᠭᠦᠯᠦᠨ ᠲᠠᠷᠬᠠᠭᠠᠬᠤ ᠠᠵᠢᠯ ‍ᠢ ᠠᠬᠢᠭᠤᠯᠬᠤ ᠬᠤᠷᠠᠯ ᠬᠣᠷᠠᠯᠳᠣᠭᠰᠠᠨ

ᠣᠩᠰᠢᠭᠰᠠᠨ ᠤᠳᠠᠭ᠎ᠠ ᠄ 7952     ᠨᠡᠶᠢᠳᠡᠯᠡᠭᠰᠡᠨ ᠴᠠᠭ ᠄ 2019/12/3 11:33:00

     11 ᠳ᠋ᠦ᠋ᠭᠡᠷ ᠰᠠᠷ᠎ᠠ ᠶ᠋ᠢᠨ 28 ‍ᠦ ᠡᠳᠦᠷ ‍ᠦᠨ ᠦᠳᠡ ᠡᠮᠦᠨ᠎ᠡ ᠂ ᠪᠥᠬᠥ ᠬᠣᠰᠢᠭᠤᠨ ‍ᠤ ETC ᠳᠡᠯᠭᠡᠷᠡᠭᠦᠯᠦᠨ ᠲᠠᠷᠬᠠᠭᠠᠬᠤ ᠠᠵᠢᠯ ‍ᠢ ᠠᠬᠢᠭᠤᠯᠬᠤ ᠬᠤᠷᠠᠯ ᠬᠤᠷᠠᠯᠳᠤᠵᠤ ᠂ ᠬᠤᠷᠠᠯ ᠨᠢ ᠲᠸᠯᠸᠢᠰ ᠬᠤᠷᠠᠯ ‍ᠤᠨ ᠬᠡᠯᠪᠡᠷᠢ ᠪᠡᠷ ᠶᠠᠪᠤᠭᠳᠠᠵᠤ ᠂ ᠬᠣᠰᠢᠭᠤᠨ ‍ᠤ ᠰᠢᠭᠤᠳ ᠬᠠᠷᠢᠶ᠎ᠠ ᠰᠠᠯᠠᠭ᠎ᠠ ᠮᠥᠴᠢᠷ ‍ᠦᠨ ᠬᠠᠷᠢᠭᠤᠴᠠᠯᠭᠠᠲᠠᠨ ᠂ ᠡᠯ᠎ᠡ ᠰᠤᠮᠤ ᠰᠢᠶᠠᠩ ᠪᠠᠯᠭᠠᠰᠤᠨ ‍ᠤ ᠭᠣᠤᠯ ᠬᠠᠷᠢᠭᠤᠴᠠᠯᠭᠠᠲᠠᠨ ᠂ ᠭᠠᠴᠠᠭ᠎ᠠ ᠲᠣᠰᠬᠣᠨ ‍ᠤ ᠵᠥᠪᠯᠡᠯ ‍ᠦᠨ ᠱᠦᠵᠢ ᠂ ᠡᠷᠬᠢᠯᠡᠭᠴᠢ ᠂ ᠳᠠᠩᠰᠠ ᠮᠡᠳᠡᠭᠦᠯᠦᠭᠴᠢ ᠬᠤᠷᠠᠯ ᠳ᠋ᠤ ᠣᠷᠣᠯᠴᠠᠨ ᠂ ᠬᠤᠷᠠᠯ ᠳᠡᠭᠡᠷ᠎ᠡ ᠂ ᠰᠦᠨ ᠾᠦᠩ ᡁᠢ ᠳᠡᠳ᠋ ᠬᠣᠰᠢᠭᠤᠨ ᠳᠠᠷᠤᠭ᠎ᠠ ᠪᠥᠬᠥ ᠬᠣᠰᠢᠭᠤᠨ ‍ᠤ ETC  ᠳᠡᠯᠭᠡᠷᠡᠭᠦᠯᠦᠨ ᠲᠠᠷᠬᠠᠭᠠᠭᠰᠠᠨ ᠪᠠᠶᠢᠳᠠᠯ ᠪᠠ ᠠᠵᠢᠯ ᠳᠤᠮᠳᠠ ᠣᠷᠣᠰᠢᠵᠤ ᠪᠠᠶᠢᠭ᠎ᠠ ᠭᠣᠤᠯ ᠠᠰᠠᠭᠤᠳᠠᠯ ‍ᠢ ᠨᠡᠶᠢᠳᠡᠯᠡᠭᠰᠡᠨ ᠪᠥᠭᠡᠳ ᠲᠠᠷᠠᠭᠠᠴᠢ ᠶ᠋ᠢᠨ ᠠᠯᠬᠤᠮ ‍ᠤᠨ ETC ᠤᠭᠰᠠᠷᠠᠬᠤ ᠠᠵᠢᠯ ᠳ᠋ᠤ ᠪᠣᠳᠠᠲᠠᠶ ᠳᠣᠬᠢᠷᠠᠭᠣᠯᠣᠯᠳᠠ ᠬᠢᠭᠰᠡᠨ ᠪᠠᠶᠢᠨ᠎ᠠ ᠃

   

     ᠪᠦᠷᠢᠨ ᠬᠣᠰᠢᠭᠤᠨ ᠳᠠᠷᠤᠭ᠎ᠠ ᠶᠠᠷᠢᠶ᠎ᠠ ᠳᠠᠯᠪᠢᠵᠣ ᠂ ᠣᠳᠣᠬᠠᠨ ‍ᠤ ᠠᠵᠢᠯ ‍ᠤᠨ ᠬᠦᠴᠢᠷ ᠠᠰᠠᠭᠤᠳᠠᠯ ᠂ ᠲᠦᠭᠵᠢᠷᠡᠯ ‍ᠦᠨ ᠠᠰᠠᠭᠤᠳᠠᠯ ᠲᠠᠶ ᠤᠶᠠᠯᠳᠤᠭᠤᠯᠤᠨ ᠂ ᠪᠦᠬᠦ ᠬᠣᠰᠢᠭᠤᠨ ‍ᠤ ETC ‍ ᠳᠡᠯᠭᠡᠷᠡᠭᠦᠯᠦᠨ ᠲᠠᠷᠬᠠᠭᠠᠬᠤ ᠠᠵᠢᠯ ‍ᠢ ᠳᠠᠬᠢᠨ ᠴᠢᠬᠤᠯᠠᠴᠢᠯᠠᠵᠤ ᠂ ᠳᠠᠬᠢᠨ ᠳᠣᠬᠢᠷᠠᠭᠣᠯᠪᠠ ᠃ ᠲᠡᠷᠡ ᠱᠠᠭᠠᠷᠳᠠᠭᠰᠠᠨ ᠨᠢ ᠄ ᠨᠢᠭᠡ ᠳ᠋ᠦ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠰᠠᠭᠤᠳᠠᠯ ᠪᠣᠯᠤᠨ ᠵᠦᠷᠢᠶᠡᠨ ᠢᠶᠡᠨ ᠠᠷᠢᠯᠭᠠᠵᠤ ᠂ ETC ᠲᠠᠷᠬᠠᠭᠠᠯᠲᠠ ᠶ᠋ᠢᠨ ᠠᠵᠢᠯ ‍ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠂ ᠪᠠᠴᠢᠮ ᠳᠣᠯᠭᠠᠮ᠎ᠠ ᠴᠢᠨᠠᠷ ‍ᠢ ᠴᠢᠨᠠᠭᠰᠢᠳᠠ ᠴᠢᠩᠭᠠᠳᠬᠠᠵᠤ ᠂ ᠦᠷᠭᠦᠯᠵᠢᠯᠡᠨ ᠬᠦᠴᠦᠯᠡᠵᠦ ᠂ ᠡᠨᠡᠬᠦ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠣᠯᠬᠤ ᠬᠡᠷᠡᠭᠲᠡᠶ ᠃ ᠬᠣᠶᠠᠷ ᠲᠤ ᠂ ᠭᠣᠤᠯᠳᠠᠯᠭ᠎ᠠ ᠲᠠᠶ ᠬᠦᠷᠢᠶ᠎ᠡ ᠪᠣᠯᠤᠨ ᠵᠠᠩᠭᠢᠯᠠᠭ᠎ᠠ ᠶ᠋ᠢᠨ ᠭᠣᠭᠴᠣᠭ᠎ᠠ ᠶ᠋ᠢ ᠴᠢᠩᠭ᠎ᠠ ᠠᠩᠬᠠᠷᠴᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠤᠰ ᠲᠥᠷᠦ ᠶ᠋ᠢᠨ ᠬᠠᠷᠢᠭᠤᠴᠠᠯᠭ᠎ᠠ ᠪᠠᠨ ᠴᠢᠨᠠᠭᠰᠢᠳᠠ ᠳᠡᠭᠡᠭᠰᠢᠯᠡᠭᠦᠯᠵᠦ ᠂ ETC ᠲᠠᠷᠬᠠᠭᠠᠯᠲᠠ ᠶ᠋ᠢᠨ ᠠᠵᠢᠯ ‍ᠤᠨ ᠤᠯᠤᠰ ᠲᠥᠷᠦ ᠶ᠋ᠢᠨ ᠠᠴᠢ ᠬᠣᠯᠪᠣᠭᠳᠠᠯ ‍ᠢ ᠴᠢᠩᠭᠠᠳᠬᠠᠵᠤ ᠂ ᠤᠭ ᠰᠠᠨᠠᠭ᠎ᠠ ᠪᠠᠨ ᠦᠯᠦ ᠮᠠᠷᠲᠠᠬᠤ ᠲᠠᠶ ᠣᠶᠠᠯᠳᠣᠭᠣᠯᠣᠨ ᠡᠭᠦᠷᠭᠡ ᠬᠠᠷᠢᠭᠤᠴᠠᠯᠭ᠎ᠠ ᠶ᠋ᠢᠨ ᠭᠣᠤᠯ ᠰᠡᠳᠦᠪᠲᠦ ᠬᠥᠮᠦᠵᠢᠯ ‍ᠢ ᠪᠠᠲᠤ ᠴᠡᠭᠡᠵᠢᠯᠡᠵᠦ ᠂ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠃ ᠰᠠᠭᠤᠷᠢ ᠲᠣᠭ᠎ᠠ ᠶ᠋ᠢ ᠲᠣᠭᠲᠠᠭᠠᠵᠤ ᠂ ᠲᠣᠭ᠎ᠠ ᠪᠠᠷᠢᠮᠲᠠ ᠶ᠋ᠢ ᠪᠦᠷᠢᠳᠬᠡᠬᠦ ᠠᠵᠢᠯ ‍ᠢ ᠪᠠᠲᠤᠲᠠᠶ ᠰᠠᠶᠢᠲᠤᠷ ᠬᠢᠵᠦ ᠂ ᠪᠠᠷᠢᠯᠭ᠎ᠠ ᠶ᠋ᠢᠨ ᠬᠤᠭᠤᠴᠠᠭ᠎ᠠ ᠶ᠋ᠢ ᠲᠣᠩᠭᠣᠷᠠᠭᠤᠯᠤᠨ ᠵᠢᠭᠰᠠᠭᠠᠵᠤ ᠂ ᠪᠠᠶᠢᠭᠤᠯᠭ᠎ᠠ ᠨᠢᠭᠡᠴᠡ ᠂ ᠭᠠᠴᠠᠭ᠎ᠠ ᠲᠣᠰᠬᠣᠨ ᠂ ᠨᠡᠶᠢᠭᠡᠮ ᠲᠣᠭᠣᠷᠢᠭ ᠢᠶᠠᠷ ᠨᠢᠭᠡ ᠨᠢᠭᠡᠴᠢ ᠪᠣᠯᠭᠠᠨ ETC ᠤᠭᠰᠠᠷᠠᠬᠤ ᠨᠠᠷᠢᠨ ᠳᠠᠩᠰᠠ ᠪᠠᠶᠢᠭᠤᠯᠵᠤ ᠂ ᠴᠠᠭ ‍ᠤᠨ ᠬᠦᠰᠦᠨᠦᠭᠲᠦ ᠂ ᠡᠭᠦᠷᠭᠡ ᠶ᠋ᠢᠨ ᠪᠢᠴᠢᠭ ᠲᠣᠭᠲᠠᠭᠠᠬᠤ ᠬᠡᠷᠡᠭᠲᠡᠶ ᠃ ᠡᠷᠦᠬᠡ ᠳ᠋ᠦ ᠬᠦᠷᠲᠡᠯ᠎ᠡ ᠳᠠᠭᠠᠭᠠᠴᠢᠯᠠᠭᠤᠯᠵᠤ ᠂ ᠬᠥᠮᠦᠨ ᠪᠦᠷᠢ ᠶ᠋ᠢ ᠴᠥᠮ ᠡᠷᠦᠬᠡ ᠳ᠋ᠦ ᠳᠠᠭᠠᠭᠠᠴᠢᠯᠠᠭᠤᠯᠵᠤ ᠂ 《 ᠲᠣᠤᠷᠵᠢᠭᠤᠯᠬᠤ 》 ᠬᠡᠯᠪᠡᠷᠢ ᠪᠡᠷ ᠠᠬᠢᠭᠤᠯᠬᠤ ᠬᠡᠷᠡᠭᠲᠡᠶ ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠰᠦᠯᠵᠢᠶᠡᠨ ᠳᠡᠭᠡᠷᠡᠬᠢ ᠪᠠ ᠰᠦᠯᠵᠢᠶᠡᠨ ᠡᠴᠡ ᠭᠠᠳᠠᠨᠠᠬᠢ ᠦᠢᠯᠡᠴᠢᠯᠡᠭᠡᠨ ‍ᠦ ᠬᠡᠯᠪᠡᠷᠢ ᠪᠡᠷ ᠳᠠᠮᠵᠢᠭᠤᠯᠤᠨ ᠂ ᠰᠦᠯᠵᠢᠶᠡᠨ ᠳᠡᠯᠭᠡᠭᠦᠷ ᠡᠴᠡ  ᠭᠦᠢᠴᠡᠳᠭᠡᠬᠦ᠂ ᠲᠤᠬᠠᠶ ᠶ᠋ᠢᠨ ᠲᠠᠯᠠᠪᠤᠷ ᠲᠤ ᠲᠥᠪᠯᠡᠷᠡᠭᠦᠯᠦᠨ  ᠭᠦᠢᠴᠡᠳᠭᠡᠬᠦ ᠂ ᠡᠭᠦᠳᠡᠨ ᠳ᠋ᠦ ᠬᠦᠷᠴᠦ  ᠭᠦᠢᠴᠡᠳᠭᠡᠬᠦ ᠵᠡᠷᠭᠡ ᠠᠷᠭ᠎ᠠ ᠮᠠᠶᠢᠭ ‍ᠢ ᠠᠪᠴᠤ ᠂ ᠭᠦᠢᠴᠡᠳᠭᠡᠬᠦ ᠶᠠᠪᠣᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ ᠃ ᠱᠠᠲᠤ ᠬᠤᠪᠢᠶᠠᠨ ᠠᠬᠢᠭᠤᠯᠵᠤ ᠂ ᠤᠷᠢᠳᠠᠪᠠᠷ ᠬᠢᠯᠪᠠᠷ ‍ᠢ ᠨᠢ ᠬᠢᠵᠦ ᠳᠠᠷᠠᠭ᠎ᠠ ᠨᠢ ᠬᠦᠴᠢᠷᠲᠡᠶ ᠶ᠋ᠢ ᠨᠢ ᠬᠢᠵᠦ ᠂ ᠠᠬᠢᠴᠠ ᠶ᠋ᠢ ᠨᠢ ᠡᠷᠲᠡᠬᠡᠨ ᠬᠥᠭᠡᠭᠡᠵᠦ  ᠭᠦᠢᠴᠡᠬᠦ ᠶ᠋ᠢ ᠪᠠᠲᠤᠯᠠᠬᠤ ᠬᠡᠷᠡᠭᠲᠡᠶ ᠃ ᠭᠤᠷᠪᠠ ᠳ᠋ᠤ ᠂ ᠵᠢᠯᠣᠭᠣᠳᠤᠨ ᠲᠣᠬᠢᠷᠠᠭᠤᠯᠬᠤ ᠪᠠ ᠬᠢᠨᠠᠨ ᠪᠠᠶᠢᠴᠠᠭᠠᠬᠤ ᠪᠠᠨ ᠴᠢᠩᠭᠠᠳᠬᠠᠵᠤ ᠂ ᠠᠵᠢᠯ ‍ᠤᠨ ᠨᠠᠶᠢᠳᠠᠪᠤᠷᠢᠵᠢᠭᠤᠯᠤᠯᠲᠠ ᠶ᠋ᠢ ᠭᠡᠳᠡᠷᠭᠦ ᠰᠢᠬᠠᠮᠳᠠᠭᠤᠯᠵᠤ ᠂ ETC ᠲᠠᠷᠬᠠᠭᠠᠯᠲᠠ ᠶ᠋ᠢᠨ ᠠᠵᠢᠯ ‍ᠢ ᠣᠳᠣᠬᠠᠨ ‍ᠤ ᠴᠢᠬᠤᠯᠠ ᠤᠯᠤᠰ ᠲᠥᠷᠦ ᠶ᠋ᠢᠨ ᠠᠵᠢᠯ ᠪᠣᠯᠭᠠᠨ ᠠᠳᠬᠤᠵᠤ ᠂ ᠡᠳᠦᠷ ᠲᠣᠲᠤᠮ ‍ᠤᠨ ᠵᠥᠪᠯᠡᠬᠦ  ᠵᠦᠢᠯ ᠳ᠋ᠡᠭᠡᠨ ᠣᠷᠣᠭᠣᠯᠬᠣ ᠬᠡᠷᠡᠭᠳᠡᠢ ᠃ ᠬᠢᠨᠠᠨ ᠵᠢᠯᠣᠭᠣᠳᠴᠤ ᠪᠠᠶᠢᠴᠠᠭᠠᠬᠤ ᠪᠠᠨ ᠴᠢᠩᠭᠠᠳᠬᠠᠵᠤ ᠂ ᠬᠢᠨᠠᠨ ᠪᠠᠶᠢᠴᠠᠭᠠᠯᠳᠠ ᠪᠠᠷ ᠠᠬᠢᠭᠤᠯᠵᠤ ᠂ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠣᠳᠠᠳᠠᠶᠢᠵᠢᠭᠣᠯᠬᠣ ᠬᠡᠷᠡᠭᠳᠡᠢ ᠃ ᠤᠬᠠᠭᠤᠯᠭ᠎ᠠ ᠶ᠋ᠢᠨ ᠡᠷᠴᠢᠮ ‍ᠢᠶ᠋ᠡᠨ ᠴᠢᠩᠭᠠᠷᠠᠭᠤᠯᠵᠤ ᠂ ᠭᠡᠷ ‍ᠦᠨ ᠭᠠᠳᠠᠨᠠᠬᠢ ᠵᠠᠷ ᠮᠡᠳᠡᠭᠡ ᠶ᠋ᠢᠨ ᠳᠡᠯᠭᠡᠴᠡ ᠂ ᠲᠦᠷᠢᠶᠡᠰᠦᠨ ᠮᠠᠰᠢᠨ ᠲᠡᠷᠭᠡ ᠶ᠋ᠢᠨ ᠳᠡᠯᠭᠡᠴᠡ ᠂ ᠸᠢᠴᠠᠲ ᠂ ᠣᠯᠠᠨ   ᠨᠡᠶᠢᠳᠡᠨ ᠶ᠋ᠢᠨ ᠳᠠᠪᠴᠠᠩ ᠵᠡᠷᠭᠡ ᠣᠯᠠᠨ  ᠵᠦᠢᠯ ‍ᠦᠨ ᠤᠬᠠᠭᠤᠯᠭ᠎ᠠ ᠶ᠋ᠢᠨ ᠲᠠᠪᠴᠠᠩ ‍ᠢ ᠠᠰᠢᠭᠯᠠ ᠂ ETC ᠶ᠋ᠢᠨ ᠲᠥᠷᠥ ᠶ᠋ᠢᠨ ᠪᠣᠳᠣᠯᠭ᠎ᠠ ᠵᠢᠴᠢ ᠠᠴᠢ ᠬᠣᠯᠪᠣᠭᠳᠠᠯ ‍ᠢ ᠥᠷᠭᠡᠨ ‍ᠢᠶ᠋ᠡᠷ ᠤᠬᠠᠭᠤᠯᠵᠤ ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠣ ᠬᠡᠷᠡᠭᠲᠡᠶ ᠬᠡᠵᠡᠢ ᠃

   

    ᠬᠤᠷᠠᠯ ᠳᠡᠭᠡᠷ᠎ᠡ ᠪᠠᠰᠠ ᠣᠳᠣᠬᠠᠨ ‍ᠤ ᠭᠣᠤᠯᠳᠠᠯᠭ᠎ᠠ ᠲᠠᠶ ᠠᠵᠢᠯ ᠳ᠋ᠥ ᠳᠣᠬᠢᠷᠠᠭᠣᠯᠣᠯᠳᠠ ᠬᠢᠭᠰᠡᠨ ᠪᠠᠶᠢᠨ᠎ᠠ ᠃

    

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ