ᠪᠦᠷᠢᠨ ᠵᠢᠶᠠ ᠡᠾᠦ᠋ᠢ ᠪᠣᠯᠣᠨ ᠰᠢᠨ ᠲᠢᠶᠠᠨ ᠳ᠋ᠢ ᠬᠤᠳᠠᠯᠳᠤᠭᠠᠨ ‍ᠤ ᠲᠠᠯᠠᠪᠣᠷ ᠲᠤ ᠬᠦᠷᠴᠦ ᠠᠵᠢᠯ ᠡᠬᠢᠯᠡᠬᠦ ᠡᠴᠡ ᠡᠮᠦᠨᠡᠬᠢ ᠪᠡᠯᠡᠳᠭᠡᠯ ᠵᠢᠴᠢ ᠠᠵᠢᠯ ᠡᠬᠢᠯᠡᠭᠰᠡᠨ ‍ᠦ ᠳᠠᠷᠠᠭᠠᠬᠢ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯ ᠳ᠋ᠥ ᠪᠠᠶᠢᠴᠠᠭᠠᠯᠳᠠ ᠬᠢᠭᠰᠡᠨ

ᠣᠩᠰᠢᠭᠰᠠᠨ ᠤᠳᠠᠭ᠎ᠠ ᠄ 1680     ᠨᠡᠶᠢᠳᠡᠯᠡᠭᠰᠡᠨ ᠴᠠᠭ ᠄ 2020/3/3 15:15:20

    3 ᠳ᠋ᠣᠭᠠᠷ ᠰᠠᠷ᠎ᠠ ᠶ᠋ᠢᠨ 2 ‍ᠤᠨ ᠡᠳᠦᠷ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ᠳᠠᠷᠤᠭ᠎ᠠ ᠪᠦᠷᠢᠨ ᠵᠢᠶᠠ ᠡᠾᠦ᠋ᠢ ᠪᠣᠯᠣᠨ ᠰᠢᠨ ᠲᠢᠶᠠᠨ ᠳ᠋ᠢ ᠬᠤᠳᠠᠯᠳᠤᠭᠠᠨ ‍ᠤ ᠲᠠᠯᠠᠪᠣᠷ ᠲᠤ ᠬᠦᠷᠴᠦ ᠠᠵᠢᠯ ᠡᠬᠢᠯᠡᠬᠦ ᠡᠴᠡ ᠡᠮᠦᠨᠡᠬᠢ ᠪᠡᠯᠡᠳᠭᠡᠯ ᠵᠢᠴᠢ ᠠᠵᠢᠯ ᠡᠬᠢᠯᠡᠭᠰᠡᠨ ‍ᠦ ᠳᠠᠷᠠᠭᠠᠬᠢ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯ ᠳ᠋ᠥ ᠪᠠᠶᠢᠴᠠᠭᠠᠯᠳᠠ ᠬᠢᠭᠰᠡᠨ ᠪᠠᠶᠢᠨ᠎ᠠ᠃

    ᠲᠤᠬᠠᠢ ᠶ᠋ᠢᠨ ᠲᠠᠯᠠᠪᠠᠢ ᠳ᠋ᠤ ᠂ ᠪᠦᠷᠢᠨ ᠬᠤᠳᠠᠯᠳᠤᠭᠠᠨ ‍ᠤ ᠲᠠᠯᠠᠪᠤᠷ ‍ᠤᠨ ᠬᠠᠷᠢᠭᠤᠴᠠᠯᠭᠠᠲᠠᠨ ᠡᠴᠠ ᠡᠵᠡᠩᠨᠡᠯᠲᠡ ᠶ᠋ᠢᠨ ᠪᠠᠶᠢᠳᠠᠯ ᠪᠣᠯᠤᠨ ᠵᠣᠴᠢᠳ ‍ᠤᠨ ᠪᠠᠶᠢᠳᠠᠯ ‍ᠢ ᠨᠠᠷᠢᠨ ᠣᠶᠢᠯᠠᠭᠠᠵᠤ ᠂ ᠠᠭᠠᠷ ᠴᠡᠪᠡᠷᠰᠢᠬᠦᠯᠦᠭᠴᠢ ᠂ ᠴᠠᠬᠢᠯᠭᠠᠨ ᠱᠠᠳᠤ ᠵᠡᠷᠭᠡ ᠤᠯᠠᠨ ᠨᠡᠶᠢᠲᠡ ᠶ᠋ᠢᠨ ᠲᠥᠬᠥᠭᠡᠷᠦᠮᠵᠢ ᠶ᠋ᠢᠨ ᠠᠷᠢᠭᠣᠳᠬᠠᠨ ᠰᠡᠷᠭᠡᠶᠢᠯᠡᠬᠦ ᠠᠷᠭ᠎ᠠ ᠬᠡᠮᠵᠢᠢ᠎ᠡ ᠶ᠋ᠢ ᠣᠨᠴᠠᠭᠠᠶᠢᠯᠠᠨ ᠴᠢᠬᠤᠯᠠᠴᠢᠯᠠᠪᠠ ᠃

    ᠪᠦᠷᠢᠨ ᠴᠢᠩᠭᠠᠳᠬᠠᠭᠰᠠᠨ ᠨᠢ ᠂ ᠬᠤᠳᠠᠯᠳᠤᠭᠠᠨ ‍ᠤ ᠲᠠᠯᠠᠪᠤᠷ ᠠᠵᠢᠯ ᠡᠬᠢᠯᠡᠭᠰᠡᠨ ‍ᠦ ᠳᠠᠷᠠᠭ᠎ᠠ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠴᠡ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠠᠵᠢᠯ ᠢᠶᠡᠨ ᠰᠠᠶᠢᠳᠣᠷ ᠬᠢᠵᠦ ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠡᠯ᠎ᠡ ᠵᠦᠶᠯ ‍ᠦᠨ ᠠᠷᠭ᠎ᠠ ᠬᠡᠮᠵᠢᠶ᠎ᠡ ᠶ᠋ᠢ ᠴᠢᠩᠭ᠎ᠠ ᠬᠡᠷᠡᠭᠵᠢᠭᠦᠯᠦᠨ ᠂ ᠡᠵᠡᠩᠨᠡᠯᠲᠡ ᠶ᠋ᠢᠨ ᠲᠠᠯᠠᠪᠤᠷ ᠂  ᠲᠣᠨᠣᠭ ᠲᠥᠬᠥᠭᠡᠷᠦᠮᠵᠢ ᠶ᠋ᠢ ᠠᠷᠢᠭᠤᠳᠬᠠᠬᠤ ᠪᠠ ᠪᠥᠬᠥ ᠠᠵᠢᠯᠲᠠᠨ ‍ᠤ ᠠᠮᠠᠪᠴᠢ ᠵᠡᠭᠦᠬᠦ ᠬᠠᠲᠠᠭᠤ ᠱᠠᠭᠠᠷᠳᠠᠯᠭ᠎ᠠ ᠶ᠋ᠢ ᠰᠠᠶᠢᠲᠤᠷ ᠨᠠᠶᠢᠳᠠᠪᠤᠷᠢᠵᠢᠭᠤᠯᠵᠤ ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶ᠋ᠢᠨ ᠱᠤᠭᠤᠮ ‍ᠢ ᠪᠠᠲᠤ ᠪᠣᠢ ᠪᠣᠯᠭᠠᠬᠤ ᠬᠡᠷᠡᠭᠲᠡᠶ ︔ ᠤᠬᠠᠭᠤᠯᠭ᠎ᠠ ᠶ᠋ᠢ ᠦᠷᠭᠦᠯᠵᠢᠯᠡᠨ ᠴᠢᠩᠭᠠᠳᠬᠠᠨ ᠂ ᠡᠵᠡᠩᠨᠡᠭᠴᠢᠳ ᠤᠨ ᠦᠵᠡᠯ ᠰᠠᠨᠠᠭᠠᠨ ‍ᠤ ᠠᠵᠢᠯ ‍ᠢ ᠢᠳᠡᠪᠬᠢᠲᠠᠢ ᠰᠠᠶᠢᠲᠤᠷ ᠬᠢᠵᠦ ᠂ ᠮᠠᠨ ‍ᠤ ᠬᠣᠰᠢᠭᠤᠨ ‍ᠤ ᠵᠠᠬ᠎ᠠ ᠳᠡᠯᠭᠡᠭᠦᠷ ‍ᠦᠨ ᠠᠵᠤ ᠠᠬᠤᠢ ᠶ᠋ᠢᠨ ᠰᠡᠷᠭᠦᠨ ᠬᠥᠭᠵᠢᠬᠦ ᠶ᠋ᠢ ᠬᠠᠮᠲᠤᠪᠠᠷ ᠠᠬᠢᠭᠣᠯᠬᠣ ᠬᠡᠷᠡᠭᠲᠡᠢ ᠭᠡᠵᠡᠢ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ