ᠨᠠᠶᠮᠠᠨ ᠬᠣᠰᠢᠭᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠳᠣᠯᠬᠣ ᠵᠢᠴᠢ ᠭᠣᠤᠯᠳᠠᠯᠭ᠎ᠠ ᠲᠠᠶ ᠠᠵᠢᠯ ‍ᠤᠨ ᠲᠣᠬᠢᠷᠠᠭᠤᠯᠤᠯᠲᠠ ᠶ᠋ᠢᠨ ᠬᠤᠷᠠᠯ ᠬᠣᠷᠠᠯᠳᠣᠭᠣᠯᠣᠭᠰᠠᠨ

ᠣᠩᠰᠢᠭᠰᠠᠨ ᠤᠳᠠᠭ᠎ᠠ ᠄ 221     ᠨᠡᠶᠢᠳᠡᠯᠡᠭᠰᠡᠨ ᠴᠠᠭ ᠄ 2020/3/25 16:13:43

         3 ᠳ᠋ᠤᠭᠠᠷ ᠰᠠᠷ᠎ᠠ ᠶ᠋ᠢᠨ 23 ‍ᠤ ᠡᠳᠦᠷ ᠂ ᠨᠠᠶᠮᠠᠨ ᠬᠣᠰᠢᠭᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠳᠣᠯᠬᠣ ᠵᠢᠴᠢ ᠭᠣᠤᠯᠳᠠᠯᠭ᠎ᠠ ᠲᠠᠶ ᠠᠵᠢᠯ ‍ᠤᠨ ᠲᠣᠬᠢᠷᠠᠭᠤᠯᠤᠯᠲᠠ ᠶ᠋ᠢᠨ ᠬᠤᠷᠠᠯ ᠬᠤᠷᠠᠯᠳᠤᠭᠤᠯᠵᠤ ᠂ ᠰᠢ ᠵᠢᠨ ᠫᠢᠩ ᠶᠡᠷᠦᠩᠬᠡᠶ ᠱᠦᠵᠢ ᠶ᠋ᠢᠨ ᠪᠥᠬᠥ ᠤᠯᠤᠰ ‍ᠤᠨ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠰᠢᠶᠳᠪᠦᠷᠢᠲᠦ ᠢᠯᠠᠯᠲᠠ ᠵᠢ ᠤᠯᠬᠤ ᠰᠠᠭᠣᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠲᠠᠮᠵᠢᠭᠣᠯᠣᠨ ᠰᠣᠷᠣᠯᠴᠠᠵᠣ ᠂ ᠨᠠᠮ ‍ᠤᠨ ᠲᠥᠪ ᠬᠣᠷᠢᠶ᠎ᠠ ᠶ᠋ᠢᠨ ᠰᠢᠶᠳᠪᠦᠷᠢᠲᠦ ᠳᠣᠬᠢᠷᠠᠭᠣᠯᠣᠯᠳᠠ ᠪᠠ ᠣᠷᠣᠨ ᠂ ᠬᠣᠲᠠ ᠶ᠋ᠢᠨ ᠬᠣᠯᠪᠣᠭᠳᠠᠯ ᠪᠥᠬᠥᠶ ᠬᠤᠷᠠᠯ ᠂ ᠪᠢᠴᠢᠭ ᠮᠠᠲ᠋ᠧᠷᠢᠶᠠᠯ ‍ᠤᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 15 ᠰᠤᠮᠤ ᠰᠢᠶᠠᠩ ᠪᠠᠯᠭᠠᠰᠤ ᠲᠠᠯᠠᠪᠣᠷ ᠪᠠ 19 ᠬᠣᠰᠢᠭᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠂ ᠨᠢᠭᠡᠴᠡ ᠶ᠋ᠢᠨ ᠬᠣᠯᠪᠣᠭᠳᠠᠯ ᠪᠥᠬᠥᠶ ᠪᠠᠶᠢᠳᠠᠯ ‍ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠪᠥᠬᠥ ᠬᠣᠰᠢᠭᠤᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠵᠡᠷᠭᠡ ᠣᠳᠣᠬᠠᠨ ‍ᠤ ᠭᠣᠤᠯᠳᠠᠯᠭ᠎ᠠ ᠲᠠᠶ ᠠᠵᠢᠯ ‍ᠢ ᠳᠠᠬᠢᠨ ᠪᠠᠶᠢᠷᠢᠯᠠᠭᠤᠯᠵᠤ ᠂ ᠳᠠᠬᠢᠨ ᠠᠬᠢᠭᠤᠯᠪᠠ ᠃

           ᠵᠠᠩ ᠬᠤᠸᠠ ᠴᠢᠩᠭᠠᠳᠬᠠᠭᠰᠠᠨ ᠨᠢ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠨ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠲᠡᠭᠡᠭᠰᠢᠯᠡᠭᠦᠯᠦᠨ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠪᠠ 《 ᠬᠥᠳᠡᠭᠡ ᠠᠵᠤ ᠠᠬᠤᠶ ᠬᠥᠳᠡᠭᠡ ᠲᠣᠰᠬᠣᠨ ᠲᠠᠷᠢᠶᠠᠴᠢᠨ 》 ‍ᠤ ᠠᠵᠢᠯ ‍ᠤᠨ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠡᠮᠡᠴᠡᠯ ‍ᠦᠨ ᠡᠷᠴᠢ ᠵᠣᠷᠢᠭ ᠢᠶᠡᠨ ᠬᠦᠪᠴᠢᠯᠡᠨ᠂ ᠵᠠᠪᠠᠯ ᠢᠯᠠᠬᠤ ᠢᠲᠡᠭᠡᠯ ᠵᠣᠷᠢᠭ ᠢᠶᠡᠨ ᠪᠠᠲᠤᠳᠬᠠᠵᠤ᠂ ᠶᠠᠳᠠᠭᠤ ᠡᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ‍ᠢᠶ᠋ᠡᠨ ᠪᠡᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠶ᠋ᠢ ᠳᠥᠯᠭᠢᠨ ᠠᠬᠢᠭᠤᠯᠵᠤ᠂ ᠲᠡᠷᠢᠭᠦᠨ ᠤ ᠠᠵᠢᠯ ‍ᠤᠨ ᠠᠮᠵᠢᠯᠲᠠ ᠪᠦᠲᠦᠮᠵᠢ ᠪᠡᠷ 《 ᠬᠣᠶᠠᠷ ‍ᠢ ᠬᠠᠮᠠᠭᠠᠯᠠᠬᠤ 》 ᠶ᠋ᠢ ᠦᠶᠯᠡᠳᠦᠯᠭᠡᠵᠢᠭᠦᠯᠬᠦ ᠬᠡᠷᠡᠭᠲᠡᠶ ᠬᠡᠵᠡᠢ᠃

          ᠵᠠᠩ ᠬᠤᠸᠠ ᠵᠢᠭᠠᠵᠤ ᠭᠠᠷᠭᠠᠭᠰᠠᠨ ᠨᠢ ᠂ ᠬᠠᠷᠠᠯᠲᠠ ᠪᠠᠷᠢᠮᠵᠢᠶ᠎ᠠ ᠪᠣᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠣ ᠶ᠋ᠢ ᠴᠢᠩᠭᠠᠳᠬᠠᠵᠤ ᠂ ᠪᠥᠬᠥ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠂ ᠵᠢᠯ ᠦᠨ ᠦᠷ᠎ᠡ ᠪᠦᠲᠦᠮᠵᠢ ᠶ᠋ᠢ ᠬᠢᠨᠠᠨ ᠰᠢᠯᠭᠠᠬᠤ ᠂ ᠲᠥᠷᠥᠯ ᠵᠦᠶᠯ ‍ᠦᠨ ᠪᠠᠯᠠ ᠮᠥᠩᠭᠥ ᠶ᠋ᠢ ᠬᠢᠨᠠᠨ ᠪᠤᠳᠤᠵᠤ ᠬᠢᠨᠠᠯᠲᠠ ᠲᠠᠯᠪᠢᠬᠤ ᠂ 《 ᠭᠤᠷᠪᠠ ᠶ᠋ᠢ ᠪᠠᠲᠤᠯᠠᠬᠤ 》 ᠲᠥᠷᠥ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠳᠥᠷᠪᠡᠨ ᠭᠣᠣᠯᠳᠠᠯᠭ᠎ᠠ ᠲᠠᠶ ᠠᠵᠢᠯ ‍ᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ ᠃ ᠡᠯ᠎ᠡ ᠱᠠᠲᠤᠨ ‍ᠤ ᠡᠯ᠎ᠡ ᠵᠦᠢᠯ ‍ᠦᠨ ᠲᠣᠭᠣᠷᠢᠨ ᠪᠠᠶᠢᠴᠠᠭᠠᠵᠤ ᠬᠢᠨᠠᠨ ᠰᠢᠯᠭᠠᠵᠣ ᠬᠠᠷᠢᠭᠤ ᠲᠤᠰᠬᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠂ 《 ᠭᠤᠷᠪᠠ ᠶ᠋ᠢ ᠪᠠᠲᠤᠯᠠᠬᠤ 》 ᠲᠣᠪᠣᠶᠢᠮ᠎ᠠ ᠠᠰᠠᠭᠣᠳᠠᠯ ‍ᠢ ᠴᠡᠭᠴᠡᠯᠡᠨ ᠰᠠᠶᠢᠵᠢᠷᠠᠭᠤᠯᠬᠤ ᠪᠠ 《 ᠠᠷᠪᠠᠨ ᠵᠦᠶ᠋ᠯ ‍ᠦᠨ ᠲᠥᠷᠥ ᠶ᠋ᠢᠨ ᠪᠣᠳᠣᠯᠭ᠎ᠠ 》 ᠶ᠋ᠢᠨ ᠨᠠᠶᠢᠳᠠᠪᠣᠷᠢᠵᠢᠭᠣᠯᠣᠯᠳᠠ ᠶ᠋ᠢ ᠦᠷᠭᠦᠯᠵᠢᠯᠡᠨ ᠴᠢᠩᠭ᠎ᠠ ᠠᠩᠬᠠᠷᠴᠤ ᠂ ᠶᠠᠳᠠᠭᠤ ᠡᠴᠠ ᠠᠩᠭᠢᠵᠢᠷᠠᠭᠠᠳᠤᠶ ᠡᠷᠦᠬᠡ ᠂ ᠶᠠᠳᠠᠭᠤ ᠡᠴᠠ ᠠᠩᠭᠢᠵᠢᠷᠠᠭᠣᠯᠬᠣ ᠶ᠋ᠢ ᠬᠢᠨᠠᠨ ᠬᠡᠮᠵᠢᠬᠦ ᠡᠷᠦᠬᠡ ᠪᠠ ᠵᠠᠬ᠎ᠠ ᠬᠢᠵᠠᠭᠠᠷ ᠦᠨ ᠡᠷᠦᠬᠡ ᠶ᠋ᠢᠨ 《 ᠭᠤᠷᠪᠠᠨ ᠲᠥᠷᠥᠯ ‍ᠦᠨ ᠭᠣᠣᠯᠳᠠᠯᠭ᠎ᠠ ᠲᠠᠶ ᠬᠥᠮᠦᠰ 》 ᠲᠦ ᠠᠩᠬᠠᠷᠤᠯ ᠢᠶᠡᠨ ᠲᠥᠪᠯᠡᠷᠡᠭᠦᠯᠵᠦ ᠂ ᠲᠥᠷᠥ ᠶ᠋ᠢᠨ ᠪᠣᠳᠣᠯᠭ᠎ᠠ ᠶ᠋ᠢᠨ ᠨᠠᠶᠢᠳᠠᠪᠤᠷᠢᠵᠢᠭᠤᠯᠤᠯᠲᠠ ᠂ ᠬᠥᠮᠦᠨ ᠨᠡᠶᠢᠭᠡᠮ ‍ᠦᠨ ᠬᠠᠯᠠᠮᠵᠢᠯᠠᠯ ᠂ ᠨᠡᠶᠢᠭᠡᠮ ‍ᠦᠨ ᠬᠠᠪᠰᠤᠷᠤᠨ ᠲᠡᠳᠬᠦᠬᠦ ᠵᠡᠷᠭᠡ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶ᠋ᠢ ᠬᠡᠷᠡᠭᠵᠢᠭᠦᠯᠵᠦ ᠂ ᠨᠠᠷᠢᠯᠢᠭ ᠣᠨᠣᠪᠴᠢᠲᠠᠢ ᠪᠠᠷ ᠶᠠᠳᠠᠭᠤ ᠶ᠋ᠢ ᠲᠡᠳᠬᠦᠬᠦ ᠲᠣᠭ᠎ᠠ ᠪᠠᠷᠢᠮᠲᠠ ᠶ᠋ᠢᠨ ᠮᠡᠳᠡᠭᠡ ᠵᠠᠩᠭᠢ ᠶ᠋ᠢᠨ ᠣᠨᠣᠪᠴᠢ ᠶ᠋ᠢᠨ ᠬᠡᠮᠵᠢᠶ᠎ᠡ ᠂ ᠦᠨᠡᠨ ᠪᠣᠳᠠᠲᠤ ᠴᠢᠨᠠᠷ ‍ᠢ ᠳᠡᠭᠡᠭᠰᠢᠯᠡᠭᠦᠯᠵᠦ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠡᠭᠦᠷᠭᠡ ᠶ᠋ᠢ ᠴᠢᠨᠠᠷ ᠰᠠᠶᠢᠲᠠᠢ ᠪᠡᠶᠡᠯᠡᠭᠦᠯᠬᠦ ᠶ᠋ᠢ ᠪᠠᠳᠣᠯᠠᠵᠣ ᠂ ᠴᠢᠨᠠᠷ ᠰᠠᠶᠢᠲᠠᠢ ᠶᠠᠳᠠᠭᠤ ᠡᠴᠠ ᠠᠩᠭᠢᠵᠢᠷᠲᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠡᠷᠡᠰ ᠲᠡᠮᠡᠴᠡᠨ ᠣᠯᠬᠣ ᠬᠡᠷᠡᠭᠲᠡᠢ ᠭᠡᠵᠡᠢ᠃

            ᠵᠠᠩ ᠬᠤᠸᠠ ᠴᠢᠩᠭᠠᠳᠬᠠᠭᠰᠠᠨ ᠨᠢ ᠂ ᠲᠠᠷᠢᠶᠠᠯᠠᠩ ‍ᠤᠨ ᠴᠠᠭ ‍ᠢ ᠰᠠᠭᠠᠲᠠᠭᠠᠬᠤ ᠥᠬᠡᠶ ᠂ ᠨᠢᠭᠡᠳᠦᠯᠲᠡᠶ ᠲᠦᠯᠦᠪᠯᠡᠨ ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ ᠂ ᠬᠠᠪᠤᠷ ‍ᠤᠨ ᠤᠯᠠᠷᠢᠯ ‍ᠤᠨ ᠲᠠᠷᠢᠶᠠᠯᠠᠩ ᠦᠢᠯᠡᠳᠪᠦᠷᠢᠯᠡᠯ ‍ᠦᠨ ᠡᠯ᠎ᠡ ᠲᠦᠷᠦᠯ ‍ᠦᠨ ᠠᠵᠢᠯ ‍ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠃ ᠭᠠᠵᠠᠷ ᠰᠢᠷᠣᠶ ᠶ᠋ᠢ ᠵᠣᠬᠢᠰᠲᠠᠶ ᠬᠡᠪᠴᠢᠶᠡᠵᠢᠭᠦᠯᠦᠨ ᠡᠵᠡᠩᠨᠡᠬᠦ ᠶ᠋ᠢ ᠪᠥᠬᠥ ᠬᠦᠴᠦᠨ ‍ᠢᠶ᠋ᠡᠷ ‍ᠢᠶ᠋ᠡᠨ ᠠᠬᠢᠭᠤᠯᠵᠤ ᠂ ᠨᠠᠮ ‍ᠤᠨ ᠭᠡᠰᠢᠭᠦᠨ ᠺᠠᠳ᠋ᠷ ᠣᠯᠠᠨ ᠲᠦᠮᠡᠨ ‍ᠢ ᠥᠷᠭᠡᠨ ‍ᠢᠶ᠋ᠡᠷ ᠲᠠᠶᠢᠴᠢᠯᠠᠨ ᠂ ᠲᠠᠷᠠᠬᠠᠶ ᠪᠤᠲᠠᠷᠬᠠᠶ ᠭᠠᠵᠠᠷ ᠰᠢᠷᠣᠶ ᠵᠢ ᠳᠣᠭᠢᠷᠠᠭᠤᠯᠤᠨ ᠬᠠᠷᠢᠯᠴᠠᠨ ᠰᠣᠯᠢᠬᠤ ᠂ ᠬᠡᠰᠡᠭ ᠬᠡᠰᠡᠭ ‍ᠢᠶ᠋ᠡᠷ ᠲᠥᠪᠯᠡᠷᠡᠭᠦᠯᠦᠨ ᠡᠵᠡᠩᠨᠡᠬᠦ ᠶ᠋ᠢ ᠢᠳᠡᠪᠬᠢᠲᠡᠶ ᠵᠣᠬᠢᠴᠠᠭᠣᠯᠵᠣ ᠂ ᠪᠦᠬᠦᠶᠢᠯᠡ ᠲᠣᠰᠬᠣᠨ ᠢᠶᠠᠷ ᠡᠷᠴᠢᠮᠵᠢᠭᠦᠯᠦᠨ ᠰᠢᠯᠵᠢᠭᠦᠯᠬᠦ ᠂ ᠨᠠᠶᠢᠳᠠᠨ ᠬᠠᠮᠢᠶᠠᠷᠤᠭᠤᠯᠵᠤ ᠨᠠᠶᠢᠳᠠᠨ ᠳᠠᠷᠢᠬᠣ ᠶ᠋ᠢ ᠲᠦᠷᠭᠡᠳᠬᠡᠨ ᠠᠬᠢᠭᠤᠯᠵᠤ ᠂ ᠭᠠᠵᠠᠷ ᠰᠢᠷᠣᠶ ᠪᠠᠷ ᠬᠣᠪᠢ ᠣᠷᠣᠭᠤᠯᠤᠨ ᠬᠣᠷᠰᠢᠨ ᠡᠵᠡᠩᠨᠡᠬᠦ ᠶ᠋ᠢ ᠭᠦᠨᠵᠡᠭᠡᠶ ᠰᠤᠳᠤᠯᠵᠤ ᠂ ᠲᠤᠬᠠᠶ ᠶ᠋ᠢᠨ ᠭᠠᠵᠠᠷ ᠣᠷᠣᠨ ‍ᠤ ᠪᠠᠶᠢᠳᠠᠯ ᠳ᠋ᠤᠨᠢ ᠳᠣᠭᠢᠷᠠᠭᠤᠯᠤᠨ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠥᠳᠡᠭᠡ ᠲᠣᠰᠬᠣᠨ ‍ᠤ ᠭᠠᠵᠠᠷ ᠰᠢᠷᠣᠶ ᠶ᠋ᠢᠨ ᠥᠭᠡᠷᠡᠴᠢᠯᠡᠯᠲᠡ ᠶ᠋ᠢ ᠭᠦᠨᠵᠡᠭᠡᠶ ᠪᠥᠭᠡᠳ ᠪᠣᠳᠠᠲᠠᠶᠢᠵᠢᠭᠤᠯᠬᠤ ᠬᠡᠷᠡᠭᠲᠡᠶ ᠃ ᠪᠠᠶᠢᠳᠠᠯ ᠳ᠋ᠤᠨᠢ ᠲᠤᠬᠢᠷᠠᠭᠤᠯᠤᠨ ᠵᠢᠯᠣᠭᠣᠳᠴᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠠᠵᠣ ᠦᠢᠯᠡᠰ ‍ᠢ ᠬᠥᠭᠵᠢᠭᠦᠯᠵᠦ ᠂ ᠲᠥᠷᠥ ᠶ᠋ᠢᠨ ᠪᠣᠳᠣᠯᠭ᠎ᠠ ᠪᠠᠷ ᠵᠢᠯᠣᠭᠣᠳᠬᠤ ᠂ ᠲᠥᠷᠥᠯ ᠵᠦᠶᠯ ‍ᠢᠶ᠋ᠡᠷ ᠲᠡᠳᠬᠦᠬᠦ ᠂ ᠬᠦᠴᠦᠨ ᠵᠦᠶᠯ ‍ᠢ ᠲᠥᠪᠯᠡᠷᠡᠭᠦᠯᠬᠦ ᠡᠷᠴᠢᠮ ᠢᠶᠡᠨ ᠴᠢᠩᠭᠠᠷᠠᠭᠤᠯᠤᠨ ᠂ ᠨᠥᠬᠥᠴᠡᠯ ᠲᠡᠶ ᠭᠠᠵᠠᠷ ᠣᠷᠣᠨ ᠪᠠ ᠬᠦᠷᠢᠶ᠎ᠡ ᠬᠠᠰᠢᠶᠠᠨ ᠤ ᠲᠡᠵᠢᠭᠡᠨ ᠦᠷᠡᠵᠢᠭᠦᠯᠬᠦ ᠡᠷᠦᠬᠡ ᠶ᠋ᠢᠨ ᠥᠪᠡᠷ ᠢᠶᠡᠨ ᠪᠡᠯᠡᠳᠬᠡᠨ ᠥᠪᠡᠷ ᠢᠶᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠪᠠᠭ᠎ᠠ ᠲᠣᠭᠣᠷᠢᠭ ‍ᠢ ᠵᠣᠷᠢᠭᠵᠢᠭᠤᠯᠤᠨ ᠳᠠᠮᠵᠢᠵᠤ ᠂ ᠡᠷᠦᠬᠡ ᠠᠮᠠ ᠬᠣᠯᠪᠣᠭᠠᠯᠠᠬᠤ ᠂ ᠨᠠᠶᠢᠳᠠᠨ ᠬᠠᠮᠢᠶᠠᠷᠤᠭᠤᠯᠵᠤ ᠨᠠᠶᠢᠳᠠᠨ ᠲᠡᠵᠢᠭᠡᠯᠭᠡᠬᠦ ᠂ ᠬᠤᠪᠢ ᠣᠷᠣᠭᠤᠯᠤᠨ ᠬᠣᠷᠰᠢᠬᠤ ᠵᠡᠷᠭᠡ ᠣᠯᠠᠨ ᠵᠦᠶᠯ ‍ᠦᠨ ᠲᠡᠵᠢᠭᠡᠨ ᠦᠷᠡᠵᠢᠭᠦᠯᠬᠦ ᠬᠡᠯᠪᠡᠷᠢ ᠶ᠋ᠢ ᠪᠠᠶᠠᠯᠢᠭᠵᠢᠭᠤᠯᠤᠨ ᠂ ᠬᠥᠮᠦᠨ ᠮᠠᠯ ‍ᠢ ᠰᠠᠯᠭᠠᠬᠤ ᠶ᠋ᠢ ᠲᠦᠷᠭᠡᠳᠬᠡᠨ ᠪᠡᠶᠡᠯᠡᠭᠦᠯᠵᠦ ᠂ ᠲᠡᠵᠢᠭᠡᠨ ᠦᠷᠡᠵᠢᠭᠦᠯᠬᠦ ᠦᠢᠯᠡᠰ ‍ᠦᠨ ᠬᠡᠪᠴᠢᠶᠡᠵᠢᠬᠦ ᠂ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶ᠋ᠢ ᠳᠡᠭᠡᠭᠰᠢᠯᠡᠭᠦᠯᠬᠦ ᠬᠡᠷᠡᠭᠲᠡᠶ ᠃ ᠬᠠᠪᠤᠷ ‍ᠤᠨ ᠤᠯᠠᠷᠢᠯ ‍ᠤᠨ ᠣᠶᠢᠵᠢᠭᠤᠯᠬᠤ ᠭᠣᠤᠯᠳᠠᠯᠭ᠎ᠠ ᠲᠠᠶ ᠢᠨᠵᠧᠨᠧᠷᠢᠩ ᠪᠣᠯᠤᠨ ᠭᠣᠤᠯᠳᠠᠯᠭ᠎ᠠ ᠲᠠᠶ ᠣᠷᠣᠨ ᠪᠦᠰᠡ ᠶ᠋ᠢᠨ ᠨᠣᠭᠣᠭᠠᠷᠠᠭᠤᠯᠤᠯᠲᠠ ᠶ᠋ᠢ ᠡᠷᠲᠡᠬᠡᠨ ᠤᠬᠠᠭᠠᠯᠠᠨ ᠰᠡᠳᠦᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠣ ᠂ ᠳ᠋ᠠᠴᠢᠩ ᠡᠴᠡ ᠭᠣᠸᠩᠵᠸᠦ ᠭᠦᠷᠭᠦ ᠦᠨᠳᠦᠷ ᠬᠣᠷᠳᠣᠴᠠᠳᠣ ᠵᠠᠰᠠᠮᠠᠯ ᠵᠠᠮ᠂ ᠺᠠᠶᠢᠯᠦ ᠡᠴᠡ ᠪᠠᠶᠢᠰᠢᠩᠳᠣ ᠬᠦᠷᠬᠦ ᠵᠠᠮ ᠱᠤᠭᠤᠮ᠂ ᠡᠯᠡᠰᠦ ᠪᠡᠷ ᠨᠡᠪᠳᠡᠷᠡᠬᠦ ᠵᠠᠰᠠᠮᠠᠯ ᠵᠠᠮ᠂ ᠪᠠᠶᠠᠨᠲᠠᠯ᠎ᠠ ᠵᠢᠭᠤᠯᠴᠢᠯᠠᠯ ‍ᠤᠨ ᠵᠠᠮ ‍ᠤᠨ ᠬᠣᠶᠠᠷ ᠬᠠᠵᠠᠭᠤ ᠶ᠋ᠢᠨ ᠣᠶ ᠮᠣᠳᠣ ᠪᠠ ᠨᠣᠭᠣᠭᠠᠷᠠᠭᠣᠯᠣᠯᠳᠠ ᠶ᠋ᠢᠨ ᠢᠨᠵᠧᠨᠧᠷᠢᠩ ‍ᠢ ᠪᠥᠬᠥ ᠲᠠᠯ᠎ᠠ ᠪᠠᠷ ᠪᠡᠶᠡᠯᠡᠭᠦᠯᠵᠦ ᠂ ᠨᠢᠭᠡ ᠪᠦᠯᠦᠭ 《 ᠦᠵᠡᠰᠬᠦᠯᠡᠩᠲᠦ ᠰᠠᠶᠢᠬᠠᠨ ᠬᠥᠳᠡᠭᠡ ᠲᠣᠰᠬᠣᠨ 》 ‍ᠤ ᠨᠣᠭᠣᠭᠠᠷᠠᠭᠤᠯᠤᠯᠲᠠ ᠶ᠋ᠢᠨ ᠵᠢᠱᠢᠶ᠎ᠡ ᠦᠵᠡᠭᠦᠯᠬᠦ ᠲᠣᠰᠬᠣᠨ ‍ᠢ ᠪᠣᠶ ᠪᠣᠯᠭᠠᠬᠤ ᠬᠡᠷᠡᠭᠲᠡᠶ᠃ ᠣᠶᠢᠵᠢᠭᠣᠯᠣᠭ᠎ᠠ ᠦᠭᠡᠢ ᠭᠠᠵᠠᠷ ‍ᠤᠨ ᠰᠡᠷᠭᠦᠭᠡᠨ ᠣᠶᠢᠵᠢᠭᠤᠯᠬᠤ ᠲᠠᠯᠠᠪᠠᠶ ᠶ᠋ᠢ ᠬᠠᠤᠯᠢ ᠶᠣᠰᠣᠭᠠᠷ ᠬᠢᠨᠠᠨ ᠵᠦᠪᠰᠢᠶᠡᠷᠡᠵᠣ᠂ ᠣᠶᠢᠵᠢᠭᠤᠯᠬᠤ ᠮᠡᠷᠭᠡᠵᠢᠯ ‍ᠦᠨ ᠲᠦᠷᠢᠮ ‍ᠢ ᠴᠢᠩᠭ᠎ᠠ ᠠᠳᠬᠣᠨ᠂ ᠭᠠᠴᠠᠭ᠎ᠠ ᠲᠣᠰᠬᠣᠨ ‍ᠤ ᠠᠷᠠᠳ ‍ᠤᠨ ᠥᠪᠡᠷᠲᠡᠭᠡᠨ ᠵᠠᠰᠠᠬᠤ ᠂ ᠬᠠᠮᠲᠤ ᠪᠠᠷ ᠬᠡᠷᠡᠭ ᠵᠥᠪᠯᠡᠬᠦ ᠪᠡᠷ ᠳᠠᠮᠵᠢᠭᠤᠯᠤᠨ ᠣᠶᠢᠵᠢᠯᠠᠭᠣᠯᠣᠭ᠎ᠠ ᠦᠭᠡᠢ ᠭᠠᠵᠠᠷ ‍ᠢ ᠰᠡᠷᠭᠦᠭᠡᠨ ᠪᠣᠶᠢᠵᠢᠭᠤᠯᠬᠤ ᠬᠠᠮᠢᠶᠠᠷᠤᠯᠲᠠ ᠶ᠋ᠢ ᠴᠢᠩᠭᠠᠳᠬᠠᠵᠤ ᠂ 《 ᠤᠷᠢᠳᠠᠪᠠᠷ ᠣᠶᠢᠵᠢᠭᠤᠯᠵᠤ ᠂ ᠡᠳᠡᠭᠡᠷᠡᠯᠳᠡ ᠶ᠋ᠢ ᠪᠠᠲᠤᠯᠠᠵᠤ ᠂ ᠳᠠᠬᠢᠨ ᠬᠥᠭᠵᠢᠭᠦᠯᠬᠦ 》 ᠵᠠᠷᠴᠢᠮ ᠶᠣᠰᠣᠭᠠᠷ ᠣᠶ ᠰᠢᠭᠣᠢ ᠶ᠋ᠢᠨ ᠳᠣᠮᠳᠠᠬᠢ ᠲᠠᠷᠢᠮᠠᠯ ‍ᠢ ᠬᠥᠭᠵᠢᠭᠦᠯᠵᠦ ᠂ ᠣᠶᠢᠵᠢᠭᠣᠯᠣᠭ᠎ᠠ ᠦᠭᠡᠢ ᠭᠠᠵᠠᠷ ‍ᠢ ᠰᠡᠷᠭᠦᠭᠡᠨ ᠣᠶᠢᠵᠢᠭᠤᠯᠬᠤ ᠡᠭᠦᠷᠭᠡ ᠶ᠋ᠢᠨ ᠶᠠᠰᠤ ᠴᠢᠨᠠᠷ ᠪᠠ ᠲᠣᠭ᠎ᠠ ᠬᠡᠮᠵᠢᠶ᠎ᠡ ᠶ᠋ᠢ ᠪᠠᠲᠤᠯᠠᠬᠤ ᠬᠡᠷᠡᠭᠲᠡᠶ ᠃ ᠣᠢ ᠰᠢᠭᠤᠶ ᠶ᠋ᠢᠨ ᠬᠠᠤᠯᠢ ᠡᠴᠠ ᠵᠥᠷᠢᠴᠡᠭᠰᠡᠨ ᠰᠡᠵᠢᠭᠯᠡᠯᠳᠡᠢ ᠵᠦᠶ᠋ᠯ ‍ᠢ ᠴᠡᠭᠴᠡᠯᠡᠨ ᠰᠠᠶᠢᠵᠢᠷᠠᠭᠤᠯᠬᠤ ᠶ᠋ᠢ ᠡᠷᠡᠰ ᠪᠡᠶᠡᠯᠡᠭᠦᠯᠵᠣ ᠂ ᠥᠨᠳᠥᠷ ᠦᠷ᠎ᠡ ᠠᠰᠢᠭ ᠲᠠᠶ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠠᠲᠠᠷ ᠬᠠᠭᠠᠯᠪᠣᠷᠢᠯᠠᠵᠣ ᠪᠡᠯᠴᠢᠭᠡᠷᠯᠡᠭᠦᠯᠬᠦ ᠶ᠋ᠢ ᠴᠠᠭᠠᠵᠠᠯᠠᠬᠤ ᠂ ᠣᠷᠴᠢᠨ ᠲᠣᠭᠣᠷᠢᠨ ‍ᠤ ᠡᠷᠡᠭᠦᠯ ᠬᠠᠮᠠᠭᠠᠯᠠᠯ ‍ᠢ ᠴᠡᠭᠴᠡᠯᠡᠨ ᠵᠠᠰᠠᠬᠤ ᠂ ᠣᠢ ᠰᠢᠭᠤᠶ ᠨᠤᠲᠤᠭ ᠪᠡᠯᠴᠢᠭᠡᠷ ‍ᠦᠨ ᠭᠠᠯ ᠢ ᠰᠡᠷᠭᠡᠶᠢᠯᠡᠬᠦ ᠂ ᠵᠠᠬᠢᠳᠠᠯ ᠰᠣᠷᠪᠣᠯᠵᠢᠯᠠᠭ᠎ᠠ ᠶ᠋ᠢᠨ ᠲᠣᠭᠳᠠᠭᠣᠨ ‍ᠢ ᠬᠠᠮᠠᠭᠠᠯᠠᠬᠤ ᠂ ᠠᠶᠣᠯᠬᠦᠢ ᠦᠶ᠋ᠯᠡᠳᠪᠦᠷᠢᠯᠡᠯ ᠵᠡᠷᠭᠡ ᠡᠯ᠎ᠡ ᠵᠦᠶ᠋ᠯ ‍ᠦᠨ ᠠᠵᠢᠯ ‍ᠢ ᠨᠢᠭᠡᠳᠦᠯᠲᠡᠶ ᠲᠦᠯᠦᠪᠯᠡᠨ ᠰᠠᠶᠢᠲᠤᠷ ᠠᠳᠬᠤᠵᠤ ᠂ ᠬᠥᠳᠡᠭᠡ ᠲᠣᠰᠬᠣᠨ ‍ᠤ ᠨᠡᠶᠢᠭᠡᠮ ‍ᠦᠨ ᠡᠶ᠎ᠡ ᠵᠣᠬᠢᠴᠠᠯ ᠲᠠᠶ ᠲᠣᠭᠲᠠᠭᠤᠨ ᠪᠠᠶᠢᠬᠣ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠰᠠᠶᠢᠨ ᠰᠠᠶᠢᠬᠠᠨ ᠪᠠᠶᠢᠳᠠᠯ ‍ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠡᠢ ᠃
          ᠵᠠᠩ ᠬᠤᠸᠠ ᠵᠢᠭᠠᠵᠤ ᠭᠠᠷᠭᠠᠭᠰᠠᠨ ᠨᠢ ᠂ ᠡᠯ᠎ᠡ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠠᠵᠢᠯ ‍ᠢ ᠠᠳᠬᠤᠬᠤ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠣᠭᠣᠯᠬᠣ ᠭᠣᠤᠯ ᠴᠣᠭᠴᠠ ᠶ᠋ᠢᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ ᠂ ᠬᠣᠰᠢᠭᠣᠨ ᠤ ᠭᠠᠵᠠᠷ ‍ᠤᠨ ᠲᠠᠰ ‍ᠤᠨ ᠤᠳᠤᠷᠢᠳᠬᠤ ᠨᠥᠬᠥᠳ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠦᠨ ᠂ ᠭᠠᠵᠠᠷ ᠣᠷᠣᠨ ‍ᠤ ᠨᠢᠭᠡᠳᠦᠭᠡᠷ ᠹᠷᠣᠨᠲ ᠲᠤ  ᠭᠦᠨᠵᠡᠭᠡᠶᠢᠷᠡᠵᠣ ᠂ ᠡᠯ᠎ᠡ ᠰᠠᠯᠠᠭ᠎ᠠ ᠮᠥᠴᠢᠷ ‍ᠦᠨ ᠤᠳᠤᠷᠢᠳᠬᠤ ᠪᠠᠭ ‍ᠤᠨ ᠬᠡᠰᠢᠬᠦᠨ ᠨᠡᠷ ᠲᠦᠷᠦᠭᠦᠯᠡᠨ ᠭᠠᠴᠠᠭ᠎ᠠ ᠲᠣᠰᠬᠣᠨ ᠳ᠋ᠥ ᠰᠠᠭᠤᠵᠤ ᠠᠵᠢᠯ ᠢᠶᠡᠨ ᠦᠷᠨᠢᠭᠦᠯᠦᠨ ᠂ ᠡᠯ᠎ᠡ ᠲᠦᠷᠦᠯ ‍ᠦᠨ ᠭᠣᠤᠯᠳᠠᠯᠭ᠎ᠠ ᠲᠠᠶ ᠠᠵᠢᠯ ‍ᠤᠨ ᠡᠭᠦᠷᠭᠡ ᠶ᠋ᠢᠨ ᠪᠣᠳᠠᠲᠠᠶ ᠪᠥᠭᠡᠳ ᠨᠠᠷᠢᠯᠢᠭ ᠦᠷ᠎ᠡ ᠪᠦᠲᠦᠮᠵᠢ ᠤᠯᠬᠤ ᠶ᠋ᠢ ᠦᠨᠡᠨ ᠬᠦ ᠪᠠᠲᠤᠯᠠᠬᠤ ᠬᠡᠷᠡᠭᠲᠡᠶ ᠃ ᠡᠯ᠎ᠡ ᠱᠠᠲᠤᠨ ‍ᠤ ᠨᠠᠮ ‍ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ ᠂ ᠠᠵᠢᠯ ‍ᠤᠨ ᠰᠤᠷᠲᠠᠯ ᠢᠶᠡᠨ ᠦᠨᠡᠨ ᠬᠦ ᠬᠣᠪᠢᠷᠠᠭᠣᠯᠣᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠭᠣᠣᠯ ᠳᠠᠶᠢᠯᠠᠯᠳᠤᠭᠠᠨ ‍ᠤ ᠲᠠᠯᠠᠪᠤᠷ ᠲᠤ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ 《 ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ 》 ᠪᠠᠶᠢᠯᠳᠤᠬᠤ ᠪᠤᠳᠤᠯᠭ᠎ᠠ ᠶ᠋ᠢ ᠬᠡᠷᠡᠭᠵᠢᠭᠦᠯᠬᠦ ᠶᠡᠬᠡ ᠲᠠᠪᠴᠠᠩ ᠳᠡᠭᠡᠷ᠎ᠡ ᠢᠳᠡᠪᠬᠢᠲᠡᠢ ᠠᠵᠢᠯᠯᠠᠬᠤ ᠬᠡᠷᠡᠭᠲᠡᠢ ᠭᠡᠰᠡᠨ ᠪᠠᠶᠢᠨ᠎ᠠ ᠃ 
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ