ᠲᠦᠩᠯᠢᠶᠣᠤ ᠬᠣᠲᠠ ᠶ᠋ᠢᠨ ᠤᠯᠠᠭᠠᠨ ᠵᠠᠭᠠᠯᠮᠠᠶᠢᠲᠠᠨ ‍ᠤ ᠨᠡᠶᠢᠭᠡᠮᠯᠢᠭ ᠮᠠᠨ ‍ᠤ ᠬᠣᠰᠢᠭᠤᠨ ᠳ᠋ᠤ ᠢᠷᠡᠵᠦ ᠰᠢᠨ᠎ᠡ ᠳᠢᠳᠢᠮᠯᠢᠭ ᠠᠭᠤᠰᠬᠢᠨ ᠦᠷᠪᠢᠰᠦᠯ ‍ᠦᠨ ᠬᠢᠵᠢᠭ ‍ᠦᠨ ᠪᠠᠶᠢᠳᠠᠯ ‍ᠤᠨ ᠬᠤᠭᠤᠴᠠᠭᠠᠨ ᠳ᠋ᠤ ᠬᠠᠨᠳᠢᠪᠯᠠᠭᠰᠠᠨ ᠵᠣᠭᠣᠰ ᠪᠠ ᠡᠳ᠋ ᠪᠣᠳᠠᠰ ᠢ ᠭᠥᠯᠢᠶᠡᠨ ᠠᠪᠤᠭᠰᠠᠨ ᠪᠠ ᠬᠡᠷᠡᠭᠯᠡᠭᠰᠡᠨ ᠪᠠᠶᠢᠳᠠᠯ ‍ᠢ ᠪᠠᠶᠢᠴᠠᠭᠠᠨ ᠵᠢᠯᠣᠭᠣᠳᠣᠭᠰᠠᠨ

ᠣᠩᠰᠢᠭᠰᠠᠨ ᠤᠳᠠᠭ᠎ᠠ ᠄ 222     ᠨᠡᠶᠢᠳᠡᠯᠡᠭᠰᠡᠨ ᠴᠠᠭ ᠄ 2020/3/25 16:37:27

            3 ᠳ᠋ᠤᠭᠠᠷ ᠰᠠᠷ᠎ᠠ ᠶ᠋ᠢᠨ 24 ‍ᠦ ᠡᠳᠦᠷ᠂ ᠲᠦᠩᠯᠢᠶᠣᠤ ᠬᠣᠲᠠ ᠶ᠋ᠢᠨ ᠤᠯᠠᠭᠠᠨ ᠵᠠᠭᠠᠯᠮᠠᠶᠢᠲᠠᠨ ‍ᠤ ᠨᠡᠶᠢᠭᠡᠮᠯᠢᠭ ‍ᠦᠨ ᠬᠢᠨᠠᠭᠴᠢᠳ ‍ᠤᠨ ᠵᠥᠪᠯᠡᠯ ‍ᠦᠨ ᠳᠡᠳ᠋ ᠬᠡᠷᠡᠭ ᠬᠢᠨᠠᠭᠴᠢᠳ ‍ᠤᠨ ᠳᠠᠷᠤᠭ᠎ᠠ ᠭᠣᠤ ᠴᠢᠩ ᠱᠤ᠋ ᠬᠣᠰᠢᠭᠤᠨ ‍ᠤ ᠤᠯᠠᠭᠠᠨ ᠵᠠᠭᠠᠯᠮᠠᠶᠢᠲᠠᠨ ‍ᠤ ᠨᠡᠶᠢᠭᠡᠮᠯᠢᠭ ᠲᠦ ᠬᠦᠷᠴᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ‍ᠦᠨ ᠬᠢᠵᠢᠭ ‍ᠦᠨ ᠪᠠᠶᠢᠳᠠᠯ ‍ᠤᠨ ᠬᠤᠭᠤᠴᠠᠭᠠᠨ ᠳ᠋ᠤ ᠬᠠᠨᠳᠢᠪᠯᠠᠭᠰᠠᠨ ᠵᠣᠭᠣᠰ ᠮᠥᠩᠭᠥ ᠡᠳ᠋ ᠪᠣᠳᠠᠰ ‍ᠢ ᠭᠥᠯᠢᠶᠡᠨ ᠠᠪᠤᠭᠰᠠᠨ ᠪᠠ ᠵᠠᠷᠤᠯᠭ᠎ᠠ ᠶ᠋ᠢᠨ ᠪᠠᠶᠢᠳᠠᠯ ᠳ᠋ᠤ ᠪᠠᠶᠢᠴᠠᠭᠠᠨ ᠵᠢᠯᠣᠭᠣᠳᠣᠯᠭ᠎ᠠ ᠬᠢᠪᠠ᠃ ᠬᠣᠰᠢᠭᠤᠨ ‍ᠤ ᠤᠯᠠᠭᠠᠨ ᠵᠠᠭᠠᠯᠮᠠᠶᠢᠲᠠᠨ ‍ᠤ ᠨᠡᠶᠢᠭᠡᠮᠯᠢᠭ ‍ᠦᠨ ᠬᠦᠯᠢᠶᠡᠨ ᠠᠪᠣᠭᠰᠠᠨ ᠬᠠᠨᠳᠢᠪᠯᠠᠭᠰᠠᠨ ᠡᠳ᠋ ᠪᠣᠳᠠᠰ ‍ᠢ ᠬᠡᠷᠡᠭᠯᠡᠭᠰᠡᠨ ᠪᠠᠶᠢᠳᠠᠯ ‍ᠢ ᠨᠠᠷᠢᠨ ᠬᠢᠨᠠᠮᠠᠭᠠᠢ ᠰᠣᠨᠣᠰᠣᠨ ᠯᠠᠪᠯᠠᠨ ᠠᠰᠠᠭᠤᠵᠤ᠂ ᠪᠡᠯᠡᠭᠯᠡᠨ ᠬᠦᠷᠭᠡᠭᠰᠡᠨ ᠨᠠᠷᠢᠨ ᠵᠦᠢᠯ᠂ ᠵᠣᠭᠣᠰ ᠮᠥᠩᠭᠥ ᠪᠠ ᠡᠳ᠋ ᠪᠣᠳᠠᠰ ‍ᠤᠨ ᠬᠠᠮᠢᠶᠠᠷᠤᠯᠲᠠ ᠶ᠋ᠢᠨ ᠡᠬᠡ ᠳᠠᠩᠰᠠ ᠵᠢᠴᠢ ᠰᠣᠨᠢᠨ ᠮᠡᠳᠡᠭᠡ ᠨᠡᠶᠢᠳᠡᠯᠡᠭᠰᠡᠨ ᠪᠠᠶᠢᠳᠠᠯ ‍ᠢ ᠪᠠᠶᠢᠴᠠᠭᠠᠨ ᠦᠵᠡᠭᠰᠡᠨ ‍ᠦ ᠳᠠᠷᠠᠭ᠎ᠠ᠂ ᠭᠣᠤ ᠴᠢᠩ ᠱᠤ᠋ ᠡᠴᠡ ᠬᠣᠰᠢᠭᠤᠨ ‍ᠤ ᠤᠯᠠᠭᠠᠨ ᠵᠠᠭᠠᠯᠮᠠᠶᠢᠲᠠᠨ ‍ᠤ ᠨᠡᠶᠢᠭᠡᠮᠯᠢᠭ ‍ᠦᠨ ᠠᠵᠢᠯ ᠳ᠋ᠦ ᠭᠦᠢᠴᠡᠳ ᠦᠨᠡᠯᠡᠯᠳᠡ ᠦᠭᠭᠦ ᠶ᠋ᠢᠨ ᠬᠠᠮᠲᠤ ᠬᠡᠰᠡᠭ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠴᠤ᠂ ᠬᠦᠯᠢᠶᠡᠨ ᠠᠪᠤᠭᠰᠠᠨ ᠵᠣᠭᠣᠰ ᠮᠥᠩᠭᠥ ᠡᠳ᠋ ᠪᠣᠳᠠᠰ ‍ᠤᠨ ᠭᠠᠷ ᠬᠦᠢᠴᠡᠳᠬᠡᠯ᠂ ᠡᠬᠡ ᠳᠠᠩᠰᠠ ᠵᠢᠴᠢ ᠬᠡᠷᠡᠭᠯᠡᠭᠰᠡᠨ ᠵᠣᠭᠣᠰ ᠮᠥᠩᠭᠥ ᠡᠳ᠋ ᠪᠣᠳᠠᠰ ‍ᠤᠨ ᠪᠠᠶᠢᠳᠠᠯ ‍ᠢ ᠨᠠᠷᠢᠨ ᠨᠢᠭᠲᠠ ᠲᠣᠳᠣᠷᠬᠠᠶᠢᠯᠠᠵᠤ᠂ ᠬᠣᠶᠢᠰᠢᠳᠠ ᠶ᠋ᠢᠨ ᠠᠵᠢᠯ ᠳ᠋ᠤ ᠲᠤᠶᠢᠯ ‍ᠤᠨ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ ᠬᠡᠵᠡᠢ᠃ ᠬᠠᠮᠤᠭ ᠦᠨ ᠰᠡᠭᠦᠯ ᠳ᠋ᠦ ᠭᠣᠤ ᠴᠢᠩ ᠱᠤ᠋ ᠵᠢᠭᠠᠵᠤ ᠭᠠᠷᠭᠠᠭᠰᠠᠨ ᠨᠢ᠂ ᠬᠠᠨᠳᠢᠪᠯᠠᠭᠰᠠᠨ ᠵᠣᠭᠣᠰ ᠮᠦᠩᠬᠦ ᠪᠠ ᠡᠳ᠋ ᠪᠣᠳᠠᠰ ‍ᠤᠨ ᠬᠠᠮᠢᠶᠠᠷᠤᠯᠲᠠ ᠶ᠋ᠢ ᠦᠷᠭᠦᠯᠵᠢᠯᠡᠨ ᠰᠠᠶᠢᠲᠤᠷ ᠬᠢᠵᠦ᠂ ᠬᠠᠨᠳᠢᠪᠯᠠᠭᠰᠠᠨ ᠵᠣᠭᠣᠰ ᠮᠦᠩᠬᠦ ᠪᠠ ᠡᠳ᠋ ᠪᠣᠳᠠᠰ ᠢ ᠭᠥᠯᠢᠶᠡᠨ ᠠᠪᠬᠤ ᠪᠠ ᠬᠡᠷᠡᠭᠯᠡᠬᠦ ᠶ᠋ᠢ ᠢᠯᠡ ᠲᠣᠳᠣ ᠪᠠᠶᠢᠯᠭᠠᠬᠤ ᠶ᠋ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃

ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ