ᠬᠣᠰᠢᠭᠤᠨ ᠳᠠᠷᠤᠭ᠎ᠠ ᠪᠦᠷᠢᠨ ᠨᠠᠶᠮᠠᠨ ᠬᠣᠰᠢᠭᠤᠨ ‍ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠳᠠᠮᠢᠷ ‍ᠤᠨ ᠲᠣᠪᠴᠢᠶ᠎ᠠ ᠳ᠋ᠤ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 1119     ᠨᠡᠶᠢᠳᠡᠯᠡᠭᠰᠡᠨ ᠴᠠᠭ ᠄ 2020/3/26 10:32:55

        3 ᠳ᠋ᠣᠭᠠᠷ ᠰᠠᠷ᠎ᠠ ᠶ᠋ᠢᠨ 23 ‍ᠤ ᠡᠳᠦᠷ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠨᠠᠶᠮᠠᠨ ᠬᠣᠰᠢᠭᠤᠨ ‍ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠲᠠᠮᠢᠷ ‍ᠤᠨ ᠲᠣᠪᠴᠢᠶ᠎ᠠ ᠳ᠋ᠤ ᠬᠦᠷᠴᠦ 2020 ᠣᠨ ‍ᠤ ᠬᠠᠪᠤᠷ ᠤᠨ ᠤᠯᠠᠷᠢᠯ ‍ᠤᠨ ᠰᠤᠷᠭᠠᠭᠤᠯᠢ ᠡᠬᠢᠯᠡᠬᠦ ᠠᠵᠢᠯ ‍ᠢ ᠪᠠᠶᠢᠴᠠᠭᠠᠨ ᠵᠢᠯᠣᠭᠣᠳᠬᠤ ᠶ᠋ᠢᠨ ᠬᠠᠮᠲᠤ ᠬᠤᠷᠠᠯ ᠬᠤᠷᠠᠯᠳᠤᠭᠤᠯᠪᠠ ᠃

        ᠬᠤᠷᠠᠯ ᠳᠡᠭᠡᠷ᠎ᠡ ᠂ ᠬᠣᠰᠢᠭᠤᠨ ‍ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠲᠠᠮᠢᠷ ‍ᠤᠨ ᠲᠣᠪᠴᠢᠶ᠎ᠠ ᠶ᠋ᠢᠨ ᠰᠤᠷᠤᠭᠴᠢᠳ ‍ᠤᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ‍ᠤᠨ ᠲᠤᠬᠠᠶ ᠪᠡᠯᠡᠳᠬᠡᠯ ᠠᠵᠢᠯ ‍ᠤᠨ ᠪᠠᠶᠢᠳᠠᠯ ‍ᠢ ᠰᠣᠨᠣᠰᠴᠤ ᠂ ᠵᠢᠯᠣᠭᠣᠳᠬᠤ ᠭᠠᠵᠠᠷ ‍ᠤᠨ ᠡᠯ᠎ᠡ ᠬᠡᠰᠢᠬᠦᠨ ᠨᠢᠭᠡᠴᠡ ᠡᠴᠡ ᠰᠤᠷᠤᠭᠴᠢᠳ ‍ᠤᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠳ᠋ᠤ ᠠᠷᠭ᠎ᠠ ᠤᠬᠠᠭᠠᠨ ᠭᠠᠷᠭᠠᠵᠤ ᠂ ᠰᠤᠷᠭᠠᠨ ᠬᠥᠮᠦᠵᠢᠯ ‍ᠦᠨ ᠰᠠᠯᠠᠭ᠎ᠠ ᠮᠦᠴᠢᠷ ‍ᠦᠨ ᠰᠤᠷᠭᠠᠭᠤᠯᠢ ᠡᠬᠢᠯᠡᠬᠦ ᠠᠵᠢᠯ ‍ᠢ ᠪᠥᠬᠥ ᠬᠦᠴᠦᠨ ‍ᠢᠶ᠋ᠡᠷ ‍ᠢᠶ᠋ᠡᠨ ᠳᠡᠮᠵᠢᠬᠦ ᠪᠡᠷ ᠢᠯᠡᠳᠬᠡᠭᠰᠡᠨ ᠪᠠᠶᠢᠨ᠎ᠠ ᠃


        ᠪᠦᠷᠢᠨ ᠵᠢᠭᠠᠵᠤ ᠭᠠᠷᠭᠠᠭᠰᠠᠨ ᠨᠢ᠂ ᠣᠳᠣᠬᠠᠨ ᠳ᠋ᠤ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠱᠠᠲᠤ ᠦᠶᠡᠴᠢ ᠴᠢᠨᠠᠷᠲᠠᠶ ᠦᠷ᠎ᠡ ᠪᠦᠲᠦᠮᠵᠢ ᠣᠯᠵᠤ᠂ ᠬᠡᠳᠡᠯ᠎ᠡ ᠭᠠᠳᠠᠭᠠᠳᠤ ᠶ᠋ᠢᠨ ᠬᠢᠵᠢᠭ ‍ᠦᠨ ᠪᠠᠶᠢᠳᠠᠯ ‍ᠤᠨ ᠨᠥᠯᠥᠭᠡ ᠡᠴᠡ ᠪᠣᠯᠵᠣ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯ ‍ᠤᠨ ᠪᠠᠶᠢᠳᠠᠯ ᠮᠥᠨ ᠯᠡ ᠬᠦᠨᠳᠦ ᠨᠣᠴᠢᠲᠠᠶ ᠪᠠᠶᠢᠵᠤ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠭᠣᠤᠯᠳᠠᠯᠭ᠎ᠠ ᠶ᠋ᠢ 《 ᠭᠠᠳᠠᠭᠠᠳᠤ ᠡᠴᠠ ᠣᠷᠣᠭᠤᠯᠬᠤ ᠶ᠋ᠢ ᠰᠡᠷᠬᠡᠶᠢᠯᠡᠬᠦ 》 ᠪᠣᠯᠭᠠᠨ ᠬᠤᠪᠢᠷᠠᠭᠤᠯᠪᠠ᠃ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠪᠣᠯ ᠬᠥᠮᠦᠨ ᠣᠯᠠᠨ ᠴᠤᠭᠯᠠᠷᠠᠬᠤ ᠭᠠᠵᠠᠷ ᠪᠠᠶᠢᠵᠤ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠳ᠋ᠦ ᠪᠤᠳᠤᠯᠢᠶᠠᠨᠲᠠᠶ ᠬᠦᠴᠦᠨ ᠵᠦᠶᠯ ᠲᠤᠯᠭᠠᠷᠠᠵᠤ᠂ ᠰᠡᠷᠭᠡᠶᠢᠯᠡᠨ ᠡᠵᠡᠮᠳᠡᠬᠦ ᠳ᠋ᠦ ᠬᠦᠴᠢᠷᠳᠡᠯ ᠶᠡᠬᠡ᠂ ᠬᠦᠴᠢᠷᠳᠡᠯ ᠣᠯᠠᠨ ᠪᠠᠶᠢᠨ᠎ᠠ ᠬᠡᠵᠡᠢ᠃
      ᠲᠡᠷᠡ ᠱᠠᠭᠠᠷᠳᠠᠭᠰᠠᠨ ᠨᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠲᠠᠮᠢᠷ ‍ᠤᠨ ᠲᠣᠪᠴᠢᠶ᠎ᠠ ᠰᠤᠷᠭᠠᠨ ᠬᠥᠮᠦᠵᠢᠯ ‍ᠦᠨ ᠬᠡᠯᠳᠡᠰ ᠦᠨ 《 ᠬᠢᠵᠢᠭ ‍ᠦᠨ ᠪᠠᠶᠢᠳᠠᠯ ‍ᠢ ᠦᠨᠳᠦᠰᠦᠨ ᠳ᠋ᠡᠭᠡᠨ ᠬᠢᠵᠠᠭᠠᠷᠯᠠᠬᠤ ᠡᠴᠠ ᠡᠮᠦᠨ᠎ᠡ ᠰᠤᠷᠭᠠᠭᠤᠯᠢ ᠡᠬᠢᠯᠡᠬᠦᠯᠬᠦ ᠥᠬᠡᠶ᠂ ᠰᠤᠷᠭᠠᠭᠤᠯᠢ ᠶ᠋ᠢᠨ ᠦᠨᠳᠦᠰᠦᠨ ᠰᠡᠷᠭᠡᠶᠢᠯᠡᠨ ᠡᠵᠡᠮᠳᠡᠬᠦ ᠨᠥᠬᠥᠴᠡᠯ ᠥᠬᠡᠶ ᠪᠣᠯ ᠰᠤᠷᠭᠠᠭᠤᠯᠢ ᠡᠬᠢᠯᠡᠬᠦᠯᠬᠦ ᠥᠬᠡᠶ᠂ ᠪᠠᠭᠰᠢ ᠰᠣᠷᠣᠭᠴᠢ ᠪᠠ ᠰᠤᠷᠭᠠᠭᠤᠯᠢ ᠶ᠋ᠢᠨ ᠬᠦᠷᠢᠶᠡᠨ ‍ᠦ ᠣᠯᠠᠨ ᠨᠡᠶᠢᠲᠡ ᠶ᠋ᠢᠨ ᠡᠷᠡᠭᠦᠯ ᠬᠠᠮᠠᠭᠠᠯᠠᠯ ‍ᠤᠨ ᠠᠮᠤᠷ ᠲᠦᠪᠰᠢᠨ ‍ᠢ ᠦᠨᠡᠨ ᠬᠦ ᠪᠠᠲᠤᠯᠠᠵᠤ ᠳᠡᠶᠢᠯᠬᠦ ᠥᠬᠡᠶ ᠪᠣᠯ ᠰᠤᠷᠭᠠᠭᠤᠯᠢ ᠡᠬᠢᠯᠡᠬᠦᠯᠬᠦ ᠥᠬᠡᠶ ᠪᠠᠶᠢᠬᠤ 》 ᠱᠠᠭᠠᠷᠳᠠᠯᠭ᠎ᠠ ᠶ᠋ᠢ ᠴᠢᠩᠭ᠎ᠠ ᠨᠠᠶᠢᠳᠠᠪᠤᠷᠢᠵᠢᠭᠤᠯᠵᠤ᠂ ᠬᠣᠰᠢᠭᠤᠨ ‍ᠤ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ‍ᠤᠨ ᠨᠢᠭᠡᠳᠦᠯᠲᠡᠶ ᠵᠢᠯᠣᠭᠣᠳᠣᠯᠭ᠎ᠠ ᠳᠣᠤᠷ᠎ᠠ ᠂ ᠪᠥᠬᠥ ᠲᠠᠯ᠎ᠠ ᠪᠠᠷ ᠳᠠᠶᠢᠴᠢᠯᠠᠨ᠂ ᠪᠥᠬᠥ ᠠᠵᠢᠯᠲᠠᠨ ᠣᠷᠣᠯᠴᠠᠵᠤ᠂ ᠡᠯ᠎ᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠨᠠᠷᠢᠯᠢᠭ ᠣᠨᠣᠪᠴᠢᠳᠠᠢ ᠥᠨᠳᠥᠷ ᠪᠦᠲᠦᠮᠵᠢᠲᠡᠶ ᠪᠡᠷ ᠨᠠᠶᠢᠳᠠᠪᠤᠷᠢᠵᠢᠭᠤᠯᠵᠤ᠂ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠪᠡᠯᠡᠳᠬᠡᠯ ᠠᠵᠢᠯ ‍ᠢ ᠪᠥᠬᠥ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠬᠡᠯ᠎ᠡ ᠃

     ᠪᠦᠷᠢᠨ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠲᠠᠮᠢᠷ ‍ᠤᠨ ᠲᠣᠪᠴᠢᠶ᠎ᠠ ᠪᠥᠬᠥ ᠬᠣᠰᠢᠭᠤᠨ ‍ᠤ ᠪᠠᠭᠰᠢ ᠰᠣᠷᠣᠭᠴᠢ ᠠᠵᠢᠯᠳᠠᠨ ‍ᠤ ᠲᠦᠷᠦᠭᠦᠦ 14 ᠡᠳᠦᠷ ‍ᠦᠨ ᠡᠷᠡᠭᠦᠯ ᠮᠡᠨᠳᠦ ᠶ᠋ᠢᠨ ᠪᠠᠶᠢᠳᠠᠯ ᠪᠣᠯᠤᠨ ᠠᠵᠢᠯᠯᠠᠭᠠᠨ ‍ᠤ ᠵᠠᠮ ᠮᠥᠷ ‍ᠢ ᠪᠥᠬᠥ ᠲᠠᠯ᠎ᠠ ᠪᠠᠷ ᠨᠠᠷᠢᠨ ᠨᠢᠮᠪᠠᠶ ᠪᠠᠶᠢᠴᠠᠭᠠᠵᠤ᠂ ᠪᠠᠭᠰᠢ ᠰᠣᠷᠣᠭᠴᠢ ᠠᠵᠢᠯᠳᠠᠨ ‍ᠤ ᠣᠶᠢᠷ᠎ᠠ ᠶ᠋ᠢᠨ ᠬᠤᠭᠤᠴᠠᠭᠠᠨ ‍ᠤ ᠣᠷᠣᠨ ᠰᠠᠭᠤᠴᠠ ᠶ᠋ᠢᠨ ᠪᠠᠶᠢᠳᠠᠯ ᠂ ᠣᠳᠣᠬᠠᠨ ‍ᠤ ᠡᠷᠡᠭᠦᠯ ᠮᠡᠨᠳᠦ ᠶ᠋ᠢᠨ ᠪᠠᠶᠢᠳᠠᠯ ᠂ ᠡᠪᠡᠳᠴᠢᠨ ‍ᠦ ᠵᠢᠱᠢᠶ᠎ᠡ ᠲᠠᠢ ᠨᠢᠭᠲᠠ ᠣᠶᠢᠷᠠᠲᠤᠭᠰᠠᠨ ᠲᠡᠦᠬᠡ ᠵᠡᠷᠭᠡ ᠪᠠᠶᠢᠳᠠᠯ ‍ᠢ ᠡᠮᠬᠢᠯᠡᠨ ᠡᠵᠡᠮᠰᠢᠵᠦ ᠂ 《 ᠨᠢᠭᠡ ᠬᠥᠮᠦᠨ ᠨᠢᠭᠡ ᠬᠡᠷᠡᠭ 》 ᠶᠣᠰᠣᠭᠠᠷ ᠪᠠᠭᠰᠢ ᠰᠣᠷᠣᠭᠴᠢ ᠶ᠋ᠢᠨ ᠡᠷᠡᠭᠦᠯ ᠮᠡᠨᠳᠦ ᠶ᠋ᠢᠨ ᠲᠠᠩᠰᠠ ᠡᠪᠬᠡᠮᠡᠯ ᠪᠠᠶᠢᠭᠤᠯᠵᠤ ᠂ ᠲᠥᠷᠥᠯ ᠬᠤᠪᠢᠶᠠᠨ ᠬᠠᠮᠢᠶᠠᠷᠬᠤ ᠬᠡᠷᠡᠭᠲᠡᠶ ᠃ ᠰᠤᠷᠤᠭᠴᠢ ᠨᠡᠷ᠎ᠡ ᠮᠡᠳᠡᠭᠦᠯᠬᠦ ᠦᠶ᠎ᠡ ᠳ᠋ᠤ ᠂ ᠰᠤᠷᠭᠠᠭᠤᠯᠢ ᠳ᠋ᠤ ᠣᠷᠣᠬᠤ ᠰᠤᠷᠤᠭᠴᠢ ᠪᠦᠬᠦᠨ ᠭᠠᠴᠠᠭ᠎ᠠ ᠲᠣᠰᠬᠣᠨ ( ᠵᠡᠭᠡᠯᠢ ᠭᠤᠳᠤᠮᠵᠢ ᠂ ᠨᠡᠶᠢᠭᠡᠮ ᠲᠣᠭᠣᠷᠢᠭ ) ‍ᠦ ᠭᠠᠷᠭᠠᠭᠰᠠᠨ ᠡᠷᠡᠭᠦᠯ ᠮᠡᠨᠳᠦ ᠶ᠋ᠢᠨ ᠭᠡᠷᠡᠴᠢ᠂ ᠭᠡᠷ ‍ᠦᠨ ᠠᠬᠠᠮᠠᠳ ᠤᠨ ᠭᠠᠷ ‍ᠤᠨ ᠦᠰᠦᠭ ᠵᠢᠷᠤᠭᠰᠠᠨ 《 ᠭᠡᠷ ᠲᠦ ᠪᠡᠨ ᠰᠠᠭᠣᠵᠣ ᠪᠡᠶ᠎ᠡ ᠮᠠᠬᠠᠪᠣᠳ ‍ᠤᠨ ᠠᠵᠢᠭᠯᠠᠯᠲᠠ ᠬᠢᠬᠦ ᠪᠠᠶᠢᠳᠠᠯ ‍ᠢ ᠬᠢᠨᠠᠨ ᠬᠡᠮᠵᠢᠬᠦ ᠬᠦᠰᠦᠨᠦᠭᠲᠦ 》 ᠶ᠋ᠢ ᠬᠠᠩᠭᠠᠵᠣ ᠂ ᠪᠦᠬᠦ ᠣᠷᠣᠨ ‍ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ‍ᠤᠨ ᠦᠶᠯᠡᠴᠢᠯᠡᠭᠡᠨ ‍ᠦ ᠣᠯᠠᠨ ᠨᠡᠢᠲᠡ ᠶ᠋ᠢᠨ ᠳᠠᠪᠴᠠᠩ ᠢᠶᠠᠷ ᠳᠠᠮᠵᠢᠭᠤᠯᠤᠨ ᠪᠠᠭᠰᠢ ᠰᠤᠷᠤᠭᠴᠢᠳ ‍ᠤᠨ ᠡᠷᠡᠭᠦᠯ ᠮᠡᠨᠳᠦ ᠶ᠋ᠢᠨ ᠪᠠᠶᠢᠳᠠᠯ ‍ᠢ ᠨᠢᠭᠡᠳ ᠨᠢᠭᠡ ᠪᠡᠷ ᠪᠠᠶᠢᠴᠠᠭᠠᠵᠤ ᠂ ᠡᠷᠡᠭᠦᠯ ᠮᠡᠨᠳᠦ ᠶ᠋ᠢᠨ ᠺᠣᠳ᠋ ᠨᠢ ᠨᠣᠭᠣᠭᠠᠨ ᠲᠡᠮᠳᠡᠭ ᠪᠠᠶᠢᠪᠠᠯ ᠨᠡᠷ᠎ᠡ ᠮᠡᠳᠡᠭᠦᠯᠵᠦ ᠂ ᠰᠢᠷ᠎ᠠ ᠲᠡᠮᠳᠡᠭ ᠪᠠ ᠤᠯᠠᠭᠠᠨ ᠲᠡᠮᠳᠡᠭ ‍ᠢ ᠰᠤᠷᠭᠠᠭᠤᠯᠢ ᠳ᠋ᠤ ᠣᠷᠣᠭᠤᠯᠵᠤ ᠪᠣᠯᠬᠤ ᠦᠭᠡᠢ ᠃ ᠡᠭᠦᠨ ‍ᠦ ᠬᠠᠮᠲᠤ ᠂ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠡᠴᠠ ᠪᠣᠯᠵᠤ ᠰᠤᠷᠭᠠᠭᠤᠯᠢ ᠳ᠋ᠠᠭᠠᠨ ᠪᠤᠴᠠᠵᠤ ᠨᠡᠷ᠎ᠡ ᠮᠡᠳᠡᠭᠦᠯᠬᠦ ᠨᠥᠬᠥᠴᠡᠯ ᠳ᠋ᠦ ᠨᠡᠶᠢᠴᠡᠬᠦ ᠦᠭᠡᠶ ᠪᠠᠭᠰᠢ ᠰᠤᠷᠤᠭᠴᠢ ᠠᠵᠢᠯᠲᠠᠨ ‍ᠢ ᠬᠠᠯᠠᠮᠵᠢᠯᠠᠬᠤ ᠠᠵᠢᠯ ‍ᠢ ᠰᠠᠶᠢᠲᠤᠷ ᠬᠢᠵᠦ ᠂ ᠴᠢᠭᠯᠡᠯᠳᠡ ᠴᠢᠨᠠᠷᠲᠠᠶ ᠵᠢᠭᠠᠨ ᠰᠣᠷᠭᠠᠯᠳᠠ ᠶ᠋ᠢ ᠨᠥᠬᠥᠪᠥᠷᠢᠯᠡᠬᠦ ᠲᠥᠯᠥᠪᠯᠡᠭᠡ ᠲᠣᠭᠲᠠᠭᠠᠬᠤ ᠶ᠋ᠢᠨ ᠬᠠᠮᠲᠤ ᠂ ᠭᠡᠷ ᠪᠠ ᠰᠤᠷᠭᠠᠭᠤᠯᠢ ᠶ᠋ᠢᠨ ᠨᠡᠪᠳᠡᠷᠡᠯᠴᠡᠬᠡ ᠪᠠ ᠲᠥᠷᠥ ᠶ᠋ᠢᠨ ᠪᠣᠳᠣᠯᠭ᠎ᠠ ᠶ᠋ᠢ ᠲᠠᠶᠢᠯᠪᠤᠷᠢᠯᠠᠨ ᠲᠣᠳᠣᠷᠬᠠᠶᠢᠯᠠᠬᠤ ᠠᠵᠢᠯ ‍ᠢ ᠰᠠᠶᠢᠲᠤᠷ ᠬᠢᠬᠦ ᠬᠡᠷᠡᠭᠲᠡᠶ ᠬᠡᠷᠪᠡ ᠃

       ᠪᠦᠷᠢᠨ ᠡᠴᠡ ᠂ ᠵᠢᠯᠣᠭᠣᠳᠬᠤ ᠭᠠᠵᠠᠷ ‍ᠤᠨ ᠡᠯ᠎ᠡ ᠬᠡᠰᠢᠬᠦᠨ ᠨᠢᠭᠡᠴᠡ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠶ᠋ᠢᠨ ᠲᠠᠮᠢᠷ ‍ᠤᠨ ᠲᠣᠪᠴᠢᠶ᠎ᠠ ᠲᠠᠶ ᠪᠥᠬᠥ ᠲᠠᠯ᠎ᠠ ᠪᠠᠷ ᠬᠠᠮᠵᠢᠯᠴᠠᠨ ᠰᠤᠷᠭᠠᠭᠤᠯᠢ ᠡᠬᠢᠯᠡᠬᠦ ᠠᠵᠢᠯ ‍ᠢ ᠰᠠᠶᠢᠳᠣᠷ ᠬᠢᠬᠦ ᠬᠡᠷᠡᠭᠲᠡᠶ ᠃ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠥᠪᠯᠡᠯ ᠲᠦᠷᠦᠭᠦᠯᠡᠨ ᠲᠤᠰᠬᠠᠶ ᠠᠵᠢᠯ ‍ᠤᠨ ᠳᠤᠭᠤᠶᠢᠯᠠᠩ ᠪᠠᠶᠢᠭᠤᠯᠵᠤ ᠂ ᠪᠥᠬᠥ ᠬᠣᠰᠢᠭᠤᠨ ‍ᠤ ᠳᠤᠮᠳᠠᠳᠤ ᠪᠠᠭ᠎ᠠ ᠰᠤᠷᠭᠠᠭᠤᠯᠢ ᠶ᠋ᠢᠨ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠴᠢᠳᠠᠪᠣᠷᠢ ᠶ᠋ᠢ ᠪᠥᠬᠥ ᠲᠠᠯ᠎ᠠ ᠪᠠᠷ ᠦᠨᠡᠯᠡᠨ ᠵᠢᠱᠢᠬᠦ ᠶ᠋ᠢᠨ ᠬᠠᠮᠲᠤ ᠰᠤᠷᠭᠠᠭᠤᠯᠢ ᠶ᠋ᠢᠨ ᠪᠠᠴᠢᠮ ᠪᠠᠶᠢᠳᠠᠯ ‍ᠢ ᠠᠷᠭᠠᠴᠠᠬᠣ ᠰᠣᠷᠢᠯᠲᠠ ᠵᠡᠷᠭᠡ ᠠᠵᠢᠯ ᠳ᠋ᠤ ᠵᠢᠯᠣᠭᠣᠳᠣᠯᠭ᠎ᠠ ᠬᠢᠬᠦ ᠬᠡᠷᠡᠭᠳᠡᠢ ᠃ ᠡᠪᠡᠳᠴᠢᠨ ᠡᠮᠭᠡᠭ ‍ᠢ ᠰᠡᠷᠭᠡᠶᠢᠯᠡᠨ ᠡᠵᠡᠮᠳᠡᠬᠦ ᠲᠥᠪ ᠡᠴᠡ ᠰᠤᠷᠭᠠᠭᠤᠯᠢ ᠶ᠋ᠢᠨ ᠰᠡᠷᠬᠡᠶᠢᠯᠡᠨ ᠡᠵᠡᠮᠳᠡᠬᠦ ᠡᠳ᠋ ᠪᠣᠳᠠᠰ ‍ᠤᠨ ᠬᠠᠩᠭᠠᠯᠭ᠎ᠠ ᠶ᠋ᠢ ᠬᠠᠷᠢᠭᠤᠴᠠᠵᠤ ᠂ ᠠᠯᠢᠪᠠ ᠰᠡᠷᠭᠡᠶᠢᠯᠡᠨ ᠡᠵᠡᠮᠳᠡᠬᠦ ᠡᠳ᠋ ᠪᠣᠳᠠᠰ ‍ᠢ ᠰᠤᠷᠭᠠᠭᠤᠯᠢ ᠡᠬᠢᠯᠡᠬᠦ ᠡᠴᠡ ᠡᠮᠦᠨ᠎ᠡ ᠪᠦᠬᠦᠨ ‍ᠢ ᠪᠣᠳᠠᠲᠠᠶᠢᠵᠢᠭᠤᠯᠵᠤ ᠂ ᠰᠤᠷᠭᠠᠭᠤᠯᠢ ᠶ᠋ᠢᠨ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯᠲᠠᠨ ‍ᠤ ᠵᠢᠯᠣᠭᠣᠳᠣᠯᠭ᠎ᠠ ᠶ᠋ᠢ ᠴᠢᠩᠭᠠᠳᠬᠠᠨ ᠂ ᠡᠯ᠎ᠡ ᠰᠤᠷᠭᠠᠭᠤᠯᠢ ᠶ᠋ᠢᠨ ᠬᠢᠵᠢᠭ ‍ᠦᠨ ᠪᠠᠶᠢᠳᠠᠯ ‍ᠢ ᠰᠡᠷᠭᠡᠶᠢᠯᠡᠨ ᠡᠵᠡᠮᠳᠡᠬᠦ ᠠᠵᠢᠯ ‍ᠤᠨ ᠡᠮᠬᠢ ᠵᠢᠷᠤᠮ ᠲᠠᠶ ᠶᠠᠪᠤᠭᠳᠠᠬᠤ ᠶ᠋ᠢ ᠦᠨᠡᠨᠬᠦ ᠪᠠᠲᠤᠯᠠᠬᠤ ᠬᠡᠷᠡᠭᠲᠡᠶ ᠃ ᠵᠠᠬ᠎ᠠ ᠳᠡᠯᠭᠡᠭᠦᠷ ‍ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠰᠤᠷᠭᠠᠭᠤᠯᠢ ᠶ᠋ᠢᠨ ᠬᠣᠭᠣᠯᠠᠨ ᠬᠡᠷ ᠂ ᠢᠳᠡᠭᠡᠨ ‍ᠦ ᠮᠠᠲ᠋ᠧᠷᠢᠶᠠᠯ ‍ᠤᠨ ᠬᠠᠩᠭᠠᠯᠭ᠎ᠠ ᠶ᠋ᠢᠨ ᠴᠡᠭ ᠵᠡᠷᠭᠡ ᠳ᠋ᠦ ᠪᠥᠬᠥ ᠲᠠᠯ᠎ᠠ ᠶ᠋ᠢᠨ ᠪᠠᠶᠢᠴᠠᠭᠠᠯᠲᠠ ᠬᠢᠵᠦ ᠂ ᠬᠣᠭᠣᠯᠠᠨ ᠬᠡᠷ ‍ᠦᠨ ᠠᠵᠢᠯᠯᠠᠭᠰᠠᠳ ᠵᠡᠷᠭᠡ ᠳ᠋ᠦ ᠪᠥᠬᠥ ᠲᠠᠯ᠎ᠠ ᠶ᠋ᠢᠨ ᠪᠣᠯᠪᠠᠰᠤᠷᠠᠯ ᠵᠢᠯᠣᠭᠣᠳᠣᠯᠭ᠎ᠠ ᠬᠢᠬᠦ ᠬᠡᠷᠡᠭᠲᠡᠶ ᠃ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠳᠣᠲᠣᠭᠠᠳᠤ ᠶ᠋ᠢ ᠬᠠᠮᠠᠭᠠᠯᠠᠬᠤ ᠶᠡᠬᠡ ᠳᠣᠭ᠎ᠠ ᠪᠠᠶᠢᠷᠮᠳᠠ ᠶ᠋ᠢᠨ ᠰᠢᠰᠲ᠋ᠧᠮ ‍ᠢ ᠠᠰᠢᠭᠯᠠᠨ ᠶᠡᠷᠦᠩᠬᠡᠶᠢᠯᠡᠨ ᠰᠤᠳᠤᠯᠤᠨ ᠮᠠᠭᠠᠳᠯᠠᠯᠳᠠ ᠬᠢᠵᠦ ᠂ ᠭᠣᠤᠯᠳᠠᠯᠭ᠎ᠠ ᠲᠠᠶ ᠬᠥᠮᠦᠰ ᠢ ᠰᠤᠳᠤᠯᠤᠨ ᠮᠠᠭᠠᠳᠯᠠᠬᠣ ᠶ᠋ᠢ ᠴᠢᠩᠭᠠᠳᠬᠠᠵᠤ ᠂ ᠠᠶᠠᠯᠠᠯ ‍ᠤᠨ ᠮᠡᠳᠡᠭᠡ ᠵᠠᠩᠭᠢ ᠪᠠᠨ ᠨᠢᠭᠤᠭᠠᠳ ᠮᠡᠳᠡᠭᠦᠯᠬᠦ ᠥᠬᠡᠶ ᠪᠠᠶᠢᠬᠤ ᠠᠶᠤᠯ ᠲᠦᠭᠰᠢᠬᠦᠷᠢ ᠶ᠋ᠢ ᠪᠠᠭᠠᠰᠬᠠᠬᠣ ᠬᠡᠷᠡᠭᠳᠡᠢ ᠬᠡᠵᠦ ᠱᠠᠭᠠᠷᠳᠠᠵᠠᠢ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ