ᠬᠣᠰᠢᠭᠣᠨ ᠤ ᠬᠠᠪᠤᠷ ᠤᠨ ᠤᠯᠠᠷᠢᠯ ‍ᠤᠨ ᠣᠶᠢᠵᠢᠭᠤᠯᠤᠯᠲᠠ ᠂ ᠣᠷᠴᠢᠨ ᠲᠣᠭᠣᠷᠢᠨ ‍ᠢ ᠴᠡᠭᠴᠡᠯᠡᠨ ᠵᠠᠰᠠᠬᠤ ᠲᠤᠬᠠᠶ ᠶ᠋ᠢᠨ ᠲᠠᠯᠠᠪᠠᠢ ᠶ᠋ᠢᠨ ᠬᠤᠷᠠᠯ ᠬᠣᠷᠠᠯᠳᠣᠭᠰᠠᠨ

ᠣᠩᠰᠢᠭᠰᠠᠨ ᠤᠳᠠᠭ᠎ᠠ ᠄ 213     ᠨᠡᠶᠢᠳᠡᠯᠡᠭᠰᠡᠨ ᠴᠠᠭ ᠄ 2020/4/29 14:53:51

     4 ᠳ᠋ᠣᠭᠡᠷ ᠰᠠᠷ᠎ᠠ ᠶ᠋ᠢᠨ 27 ‍ᠤ ᠡᠳᠦᠷ ᠂ ᠪᠥᠬᠥ ᠬᠣᠰᠢᠭᠤᠨ ‍ᠤ ᠬᠠᠪᠤᠷ ‍ᠤᠨ ᠣᠯᠠᠷᠢᠯ ᠤᠨ ᠣᠶᠢᠵᠢᠭᠤᠯᠤᠯᠲᠠ ᠂ ᠣᠷᠴᠢᠨ  ᠲᠣᠭᠣᠷᠢᠨ ‍ᠢ ᠴᠡᠭᠴᠡᠯᠡᠨ ᠵᠠᠰᠠᠬᠤ ᠲᠤᠬᠠᠶ ᠶ᠋ᠢᠨ ᠲᠠᠯᠠᠪᠠᠶ ᠶ᠋ᠢᠨ ᠬᠤᠷᠠᠯ ᠬᠣᠷᠠᠯᠳᠣᠵᠣ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠤᠨ ᠲᠠᠷᠣᠭ᠎ᠠ ᠪᠦᠷᠢᠨ ᠬᠤᠷᠠᠯ ᠳ᠋ᠤ ᠰᠠᠭᠠᠳᠠᠨ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠤᠨ ᠳᠠᠷᠤᠭ᠎ᠠ ᠴᠢᠦ ᠵᠢᠶᠦ᠋ᠨ ᠬᠤᠷᠠᠯ ‍ᠢ ᠡᠷᠭᠢᠯᠡᠵᠦ ᠂ ᠬᠣᠰᠢᠭᠤᠨ ‍ᠤ ᠤᠳᠤᠷᠢᠳᠤᠯᠭ᠎ᠠ ᠯᠢ ᠽᠢ ᠴᠢᠩ ᠂ ᠯᠢ ᠸᠠᠨ ᠢᠦᠢ ᠬᠤᠷᠠᠯ ᠳ᠋ᠤ ᠣᠷᠣᠯᠴᠠᠪᠠ ᠃

      ᠬᠤᠷᠠᠯ ᠳ᠋ᠤ ᠣᠷᠣᠯᠴᠠᠭᠰᠠᠳ ᠤᠷᠢᠳ ᠬᠣᠵᠢᠳ ᠳ᠋ᠠᠴᠢᠩ ᠡᠴᠡ ᠭᠣᠸᠩᠵᠸᠦ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ‍ᠤᠨ ᠨᠠᠶᠮᠠᠨ ᠤ ᠵᠡᠭᠦᠨ ᠭᠠᠷᠬᠣ ᠡᠬᠦᠳᠡ ᠶ᠋ᠢᠨ ᠵᠠᠯᠭᠠᠬᠣ ᠱᠤᠭᠤᠮ ‍ᠤᠨ ᠨᠣᠭᠣᠭᠠᠷᠠᠭᠤᠯᠤᠯᠲᠠ ᠂ ᠭᠣᠷᠪᠠᠨᠬᠣᠸᠠ ᠰᠣᠮᠣ ᠶ᠋ᠢᠨ ᠰᠢᠨ ᠰᠢᠩ ᠭᠠᠴᠠᠭᠠᠨ ‍ᠤ ᠠᠵᠤ ᠠᠬᠤᠶ ᠶ᠋ᠢᠨ ᠣᠶ ᠶ᠋ᠢᠨ ᠰᠠᠭᠤᠷᠢᠨ ᠭᠠᠵᠠᠷ ᠂ ᠳ᠋ᠦᠩ ᠮᠢᠩ ᠪᠠᠯᠭᠠᠰᠤ ᠶ᠋ᠢᠨ ᠶᠢᠩᠲᠦ ᠲᠣᠰᠬᠣᠨ ‍ᠤ ᠬᠦᠷᠢᠶ᠎ᠡ ᠬᠠᠰᠢᠶᠠᠨ ᠤ ᠠᠵᠤ ᠠᠬᠤᠶ ᠂ ᠠᠶᠢᠯ ᠲᠣᠰᠬᠣᠨ ‍ᠤ ᠨᠣᠭᠣᠭᠠᠷᠠᠭᠤᠯᠤᠯᠲᠠ ᠂ ᠣᠶ ᠰᠢᠭᠣᠢ ᠡᠮ ᠤᠨ ᠮᠠᠲ᠋ᠸᠷᠢᠶᠠᠯ  ᠬᠠᠪᠰᠣᠷᠭᠠᠨ ᠲᠠᠷᠢᠬᠣ ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠪᠠᠶᠢᠰᠢᠩᠳᠣ ᠪᠠᠯᠭᠠᠰᠣ ᠶ᠋ᠢᠨ ᠣᠶ ᠰᠢᠭᠤᠶ ᠶ᠋ᠢᠨ ᠲᠠᠯᠠᠪᠠᠶ ᠶ᠋ᠢᠨ ᠭᠦᠢᠯᠡᠰᠦ ᠳᠠᠷᠢᠬᠤ ᠰᠠᠭᠤᠷᠢᠨ ᠭᠠᠵᠠᠷ ᠂ ᠪᠠᠶᠢᠰᠢᠩᠳᠣ ᠪᠠᠯᠭᠠᠰᠣᠨ ᠤ ᠣᠶ ᠰᠢᠭᠤᠶ ᠶ᠋ᠢᠨ ᠲᠠᠯᠠᠪᠠᠶ ᠶ᠋ᠢᠨ ᠠᠵᠤ ᠠᠬᠤᠶ ᠶ᠋ᠢᠨ ᠣᠶ ᠶ᠋ᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠪᠠᠶᠢᠰᠢᠩᠳᠣ ᠪᠠᠯᠭᠠᠰᠤ ᠶ᠋ᠢᠨ ᠦᠨᠳᠦᠷ ᠬᠠᠷ᠎ᠠ ᠲᠣᠰᠬᠣᠨ ‍ᠤ ᠠᠵᠤ ᠠᠬᠤᠶ ᠶ᠋ᠢᠨ ᠣᠶ ᠶ᠋ᠢᠨ ᠰᠠᠭᠤᠷᠢᠨ ᠭᠠᠵᠠᠷ ᠂ ᠪᠠᠶᠢᠰᠢᠩᠳᠣ ᠪᠠᠯᠭᠠᠰᠤᠨ ‍ᠤ ᠰᠸᠨᠢ ᠶ᠋ᠢᠨ ᠲᠦᠩ ᠲᠣᠰᠬᠣᠨ ‍ᠤ ᠠᠵᠤ ᠠᠬᠤᠶ ᠶ᠋ᠢᠨ ᠣᠶ ᠶ᠋ᠢᠨ ᠰᠠᠭᠤᠷᠢᠨ ᠭᠠᠵᠠᠷ ᠂ ᠴᠠᠩ ᠰᠢᠩ ‍ᠤᠨ ᠡᠯᠡᠰᠦ ᠪᠡᠷ ᠨᠡᠪᠳᠡᠷᠡᠬᠦ ᠵᠠᠰᠠᠮᠠᠯ ᠵᠠᠮ ‍ᠤᠨ ᠡᠯᠡᠰᠦᠨ ᠭᠠᠵᠠᠷ ‍ᠢ ᠶᠡᠷᠦᠩᠬᠡᠶᠢᠯᠡᠨ ᠵᠠᠰᠠᠬᠤ ᠢᠨᠵᠧᠨᠧᠷᠢᠩ ᠂ ᠲᠠᠴᠢᠨᠲᠠᠯ᠎ᠠ ᠪᠠᠯᠭᠠᠰᠤᠨ ‍ᠤ ᠠᠩᠨᠠᠢ ᠲᠣᠰᠬᠣᠨ ‍ᠤ ᠬᠦᠷᠢᠶ᠎ᠡ ᠬᠠᠰᠢᠶᠠᠨ ᠤ ᠠᠵᠤ ᠠᠬᠤᠶ ᠂ ᠲᠠᠴᠢᠨᠲᠠᠯ᠎ᠠ  ᠪᠠᠯᠭᠠᠰᠣ ᠶ᠋ᠢᠨ ᠪᠠᠷᠠᠭᠣᠨ ᠳ᠋ᠢᠶᠠᠨᠽᠢ ᠲᠣᠰᠬᠣᠨ ᠤ ᠣᠶ ᠰᠢᠭᠤᠶ ᠬᠥᠳᠡᠭᠡ ᠲᠣᠰᠬᠣᠨ ‍ᠤ ᠪᠥᠲᠥᠭᠡᠨ ᠪᠠᠶᠢᠭᠣᠯᠣᠯᠳᠠ ᠂ ᠬᠣᠩᠬᠣᠷᠳᠠᠯ᠎ᠠ ᠰᠤᠮᠤ ᠶ᠋ᠢᠨ ᠪᠠᠶᠠᠨ᠍ᠣᠪᠣᠭ᠎ᠠ ᠭᠠᠴᠠᠭᠠᠨ ‍ᠤ ᠨᠣᠭᠣᠭᠠᠷᠠᠭᠤᠯᠤᠯᠲᠠ ᠂ ᠲᠠᠴᠢᠨᠲᠠᠯ᠎ᠠ ᠪᠠᠯᠭᠠᠰᠣ ᠶ᠋ᠢᠨ ᠱᠧᠩ ᠯᠢ ᠲᠣᠰᠬᠣᠨ ‍ᠤ ᠨᠣᠭᠣᠭᠠᠷᠠᠭᠤᠯᠤᠯᠲᠠ ᠂ ᠣᠷᠴᠢᠨ ᠲᠣᠭᠣᠷᠢᠨ ‍ᠤ ᠠᠷᠢᠭᠤᠨ ᠴᠡᠪᠡᠷ ‍ᠢ ᠴᠡᠭᠴᠡᠯᠡᠨ ᠵᠠᠰᠠᠬᠣ ᠵᠡᠷᠭᠡ ᠵᠢ ᠲᠣᠭᠣᠷᠢᠨ ᠦᠵᠡᠵᠣ ᠂ ᠠᠵᠢᠯ ‍ᠤᠨ ᠠᠬᠢᠴᠠ ᠶ᠋ᠢᠨ ᠪᠠᠶᠢᠳᠠᠯ ‍ᠤᠨ ᠬᠠᠷᠢᠭᠤ ᠮᠡᠳᠡᠭᠦᠯᠦᠯᠲᠡ ᠶ᠋ᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠲᠤᠬᠠᠶ ᠶ᠋ᠢᠨ ᠲᠠᠯᠠᠪᠠᠶ ᠶ᠋ᠢᠨ ᠳ᠋ᠦᠩᠨᠡᠯᠲᠡ ᠶ᠋ᠢᠨ ᠬᠤᠷᠠᠯ ᠬᠤᠷᠠᠯᠳᠤᠭᠤᠯᠪᠠ ᠃ ᠬᠤᠷᠠᠯ ᠳᠡᠭᠡᠷ᠎ᠡ ᠂ ᠬᠣᠰᠢᠭᠤᠨ ‍ᠤ ᠣᠶ ᠰᠢᠭᠤᠶ ᠡᠪᠡᠰᠦ ᠪᠡᠯᠴᠢᠭᠡᠷ ‍ᠦᠨ ᠲᠣᠪᠴᠢᠶ᠎ᠠ ᠶ᠋ᠢᠨ ᠬᠠᠷᠢᠭᠤᠴᠠᠯᠭᠠᠲᠠᠨ ᠡᠴᠠ ᠬᠠᠪᠤᠷ ‍ᠤᠨ ᠤᠯᠠᠷᠢᠯ ‍ᠤᠨ ᠣᠶᠢᠵᠢᠭᠤᠯᠤᠯᠲᠠ ᠶ᠋ᠢᠨ ᠠᠬᠢᠴᠠ ᠶ᠋ᠢᠨ ᠪᠠᠶᠢᠳᠠᠯ ‍ᠢ ᠨᠠᠶᠢᠳᠡᠯᠡᠵᠦ ᠂ ᠬᠣᠰᠢᠭᠤᠨ ᠤ ᠵᠠᠮ ᠲᠡᠭᠡᠭᠡᠪᠦᠷᠢ ᠶ᠋ᠢᠨ ᠲᠣᠪᠴᠢᠶ᠎ᠠ ᠶ᠋ᠢᠨ ᠬᠠᠷᠢᠭᠤᠴᠠᠯᠭᠠᠲᠠᠨ ᠡᠴᠠ ᠵᠠᠰᠠᠮᠠᠯ ᠵᠠᠮ ‍ᠤᠨ ᠣᠷᠴᠢᠨ ᠲᠣᠭᠣᠷᠢᠨ ‍ᠤ ᠠᠷᠢᠭᠤᠨ ᠴᠡᠪᠡᠷ ‍ᠢ ᠴᠡᠭᠴᠡᠯᠡᠨ ᠵᠠᠰᠠᠬᠤ ᠠᠵᠢᠯ ‍ᠢ ᠳᠣᠭᠢᠷᠠᠭᠤᠯᠵᠤ ᠂ ᠴᠢᠦ ᠵᠢᠶᠦ᠋ᠨ ᠣᠳᠣᠬᠠᠨ ‍ᠤ ᠠᠵᠢᠯ ᠳ᠋ᠤ ᠲᠣᠬᠢᠷᠠᠭᠣᠯᠣᠯᠳᠠ ᠬᠢᠵᠣ ᠂ ᠪᠦᠷᠢᠨ ᠳ᠋ᠦᠩᠨᠡᠯᠲᠡ ᠶ᠋ᠢᠨ ᠶᠠᠷᠢᠶ᠎ᠠ ᠲᠠᠯᠪᠢᠪᠠ ᠃
      ᠪᠦᠷᠢᠨ ᠵᠢᠭᠠᠵᠤ ᠭᠠᠷᠭᠠᠭᠰᠠᠨ ᠨᠢ ᠂ ᠮᠠᠨ ᠤ ᠬᠣᠰᠢᠭᠤ ᠪᠣᠯ ᠠᠮᠢ ᠠᠬᠤᠶ ᠬᠡᠪᠡᠷᠡᠭ ᠭᠠᠵᠠᠷ ᠣᠷᠣᠨ ᠪᠠᠶᠢᠵᠣ ᠂ ᠠᠮᠢ ᠠᠬᠣᠢ ᠶ᠋ᠢᠨ ᠣᠷᠴᠢᠨ ᠲᠣᠭᠣᠷᠢᠨ ‍ᠤ ᠬᠠᠮᠠᠭᠠᠯᠠᠯᠲᠠ ᠶ᠋ᠢ ᠰᠠᠶᠢᠲᠤᠷ ᠠᠳᠬᠤᠬᠤ ᠳ᠋ᠤ ᠡᠷᠬᠡᠪᠰᠢ 《 ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠵᠤ ᠂ ᠪᠣᠬᠢᠷᠲᠤᠯ ᠥᠬᠡᠶ ᠬᠥᠭᠵᠢᠭᠦᠯᠬᠦ 》 ᠶ᠋ᠢ ᠠᠵᠤ ᠠᠬᠤᠶ ᠨᠡᠶᠢᠭᠡᠮ ‍ᠦᠨ ᠬᠥᠭᠵᠢᠯᠲᠡ ᠶ᠋ᠢᠨ ᠪᠥᠬᠥ ᠶᠠᠪᠣᠴᠠ ᠳ᠋ᠤ ᠲᠤᠭᠤᠰᠢᠯᠠᠭᠤᠯᠵᠤ ᠂ ᠨᠢᠭᠡ ᠵᠦᠶᠯ ‍ᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠨ ᠠᠳᠬᠤᠬᠤ ᠬᠡᠷᠡᠭᠲᠡᠶ ᠃ ᠬᠠᠪᠤᠷ ‍ᠤᠨ ᠤᠯᠠᠷᠢᠯ ‍ᠤᠨ ᠣᠶᠢᠵᠢᠭᠤᠯᠵᠤ ᠨᠣᠭᠣᠭᠠᠷᠠᠭᠤᠯᠬᠤ ᠪᠣᠯ ᠪᠦᠬᠦ ᠵᠢᠯ ‍ᠦᠨ ᠠᠮᠢ ᠠᠬᠤᠢ ᠶ᠋ᠢᠨ ᠪᠦᠲᠦᠭᠡᠨ ᠪᠠᠶᠢᠭᠣᠯᠣᠯᠳᠠ ᠶ᠋ᠢᠨ ᠡᠬᠢᠯᠡᠯᠲᠡ ᠶ᠋ᠢᠨ ᠴᠡᠭ ᠪᠠᠶᠢᠵᠣ ᠂ ᠡᠯ᠎ᠡ ᠭᠠᠵᠠᠷ ᠡᠷᠬᠡᠪᠡᠰᠢ ᠤᠯᠤᠰ ᠲᠦᠷᠦ ᠶ᠋ᠢᠨ ᠵᠣᠭᠰᠣᠴᠠ ᠪᠠᠨ ᠲᠡᠭᠡᠭᠰᠢᠯᠡᠭᠦᠯᠦᠨ ᠂ ᠰᠢ ᠶ᠋ᠢᠨ ᠫᠢᠩ ‍ᠦᠨ ᠠᠮᠢ ᠠᠬᠤᠢ ᠶ᠋ᠢᠨ ᠪᠣᠯᠪᠠᠰᠤᠨ ‍ᠤ ᠦᠵᠡᠯ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠵᠤ ᠂ ᠠᠮᠢ ᠠᠬᠤᠢ ᠶ᠋ᠢᠨ ᠪᠣᠯᠪᠠᠰᠤᠨ ‍ᠤ ᠪᠠᠶᠢᠭᠤᠯᠤᠯᠲᠠ ᠶ᠋ᠢᠨ ᠴᠢᠬᠤᠯᠠ ᠶᠡᠬᠡ ᠤᠯᠤᠰ ᠲᠦᠷᠦ ᠶ᠋ᠢᠨ ᠬᠠᠷᠢᠭᠤᠴᠠᠯᠭ᠎ᠠ ᠶ᠋ᠢ ᠡᠷᠡᠰ ᠭᠤᠶᠢᠪᠢᠰᠢ ᠦᠭᠡᠢ ᠡᠭᠦᠷᠭᠡᠯᠡᠬᠦ ᠬᠡᠷᠡᠭᠲᠡᠢ ᠭᠡᠰᠡᠨ ᠪᠠᠶᠢᠨ᠎ᠠ ᠃

     ᠪᠦᠷᠢᠨ ᠴᠢᠬᠤᠯᠠᠴᠢᠯᠠᠭᠰᠠᠨ ᠨᠢ ᠂ ᠠᠵᠢᠯ ‍ᠤᠨ ᠠᠷᠭ᠎ᠠ ᠬᠡᠮᠵᠢᠶ᠎ᠡ ᠪᠡᠨ ᠪᠥᠬᠥ ᠲᠠᠯ᠎ᠠ ᠪᠠᠷ ᠨᠠᠶᠢᠳᠠᠪᠤᠷᠢᠵᠢᠭᠤᠯᠵᠤ ᠂ ᠣᠶᠢᠵᠢᠭᠤᠯᠬᠤ ᠡᠭᠦᠷᠭᠡ ᠶ᠋ᠢ ᠪᠥᠬᠥ ᠲᠠᠯ᠎ᠠ ᠪᠠᠷ ᠪᠡᠶᠡᠯᠡᠭᠦᠯᠬᠦ ᠬᠡᠷᠡᠭᠲᠡᠶ ᠃ ᠨᠢᠭᠡ ᠳ᠋ᠦ ᠂ ᠠᠵᠢᠯ ‍ᠤᠨ ᠠᠬᠢᠴᠠ ᠪᠠᠨ ᠲᠦᠷᠭᠡᠳᠬᠡᠬᠦ ᠬᠡᠷᠡᠭᠲᠡᠶ ᠃ ᠡᠯ᠎ᠡ ᠭᠠᠵᠠᠷ ‍ᠤᠨ ᠨᠠᠮ ‍ᠤᠨ ᠬᠣᠷᠢᠶ᠎ᠠ ᠂ ᠵᠠᠰᠠᠭ ‍ᠤᠨ ᠣᠷᠳᠣᠨ ᠬᠠᠪᠤᠷ ‍ᠤᠨ ᠤᠯᠠᠷᠢᠯ ‍ᠤᠨ ᠣᠶᠢᠵᠢᠭᠤᠯᠬᠤ ᠠᠵᠢᠯ ‍ᠢ  ᠣᠳᠣᠬᠠᠨ ‍ᠤ ᠰᠢᠪᠳᠣᠯᠣᠯᠳᠠ ᠶ᠋ᠢᠨ ᠴᠢᠨᠠᠷᠲᠠᠶ ᠡᠭᠦᠷᠭᠡ ᠪᠣᠯᠭᠠᠵᠤ ᠂ ᠡᠨᠡ ᠤᠳᠠᠭᠠᠨ ‍ᠤ ᠲᠤᠬᠠᠶ ᠶ᠋ᠢᠨ ᠲᠠᠯᠠᠪᠠᠢ ᠶ᠋ᠢᠨ ᠬᠤᠷᠠᠯ ᠢᠶᠠᠷ ᠳᠠᠮᠵᠢᠭᠤᠯᠤᠨ ᠂ ᠵᠥᠷᠢᠶ᠎ᠡ ᠶ᠋ᠢ ᠡᠷᠢᠵᠦ ᠂ ᠨᠠᠶᠢᠳᠠᠪᠤᠷᠢᠵᠢᠭᠤᠯᠤᠯᠲᠠ ᠶ᠋ᠢ ᠠᠬᠢᠭᠣᠯᠣᠨ ᠂ ᠡᠭᠦᠷᠭᠡ ᠬᠠᠷᠠᠯᠲᠠ ᠲᠠᠶ ᠬᠠᠷᠢᠴᠠᠭᠤᠯᠵᠤ ᠂ ᠤᠢ ᠰᠢᠭᠤᠶ ᠶ᠋ᠢᠨ ᠦᠶ᠋ᠯᠡᠳᠪᠦᠷᠢᠯᠡᠯ ‍ᠦᠨ ᠡᠯ᠎ᠡ ᠵᠦᠶᠯ ‍ᠦᠨ ᠡᠭᠦᠷᠭᠡ ᠶ᠋ᠢ ᠪᠦᠬᠦ ᠲᠠᠯ᠎ᠠ ᠪᠠᠷ ᠪᠡᠶᠡᠯᠡᠭᠦᠯᠬᠦ ᠶ᠋ᠢ ᠦᠨᠡᠨ ᠬᠦ ᠪᠠᠲᠤᠯᠠᠬᠤ ᠬᠡᠷᠡᠭᠲᠡᠶ ᠃ ᠬᠣᠶᠠᠷ ᠲᠤ ᠂ ᠠᠵᠢᠯ ‍ᠤᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠬᠡᠷᠡᠭᠲᠡᠶ ᠃ ᠣᠶ ᠰᠢᠭᠤᠶ ᠶ᠋ᠢᠨ ᠮᠡᠷᠭᠡᠵᠢᠯ ‍ᠦᠨ ᠠᠵᠢᠯᠲᠠᠳ ᠮᠡᠷᠭᠡᠵᠢᠯ ‍ᠦᠨ ᠵᠢᠯᠣᠭᠣᠳᠤᠯᠭ᠎ᠠ ᠪᠠᠨ ᠴᠢᠩᠭᠠᠳᠬᠠᠵᠣ ᠂ ᠰᠣᠳᠣᠨ ᠵᠢᠱᠢᠶ᠎ᠡ ᠦᠵᠡᠭᠦᠯᠬᠦ ᠪᠠ ᠨᠡᠶᠢᠲᠡᠯᠢᠭ ᠵᠢᠱᠢᠶ᠎ᠡ ᠶ᠋ᠢᠨ ᠵᠠᠮ ᠳᠠᠭᠠᠭᠤᠯᠬᠤ ᠦᠶᠯᠡᠳᠦᠯ ‍ᠢ ᠰᠠᠶᠢᠲᠤᠷ ᠪᠠᠳᠠᠷᠠᠭᠤᠯᠬᠤ ᠬᠡᠷᠡᠭᠲᠡᠶ ᠃ ᠭᠤᠷᠪᠠ ᠳ᠋ᠤ ᠂ ᠠᠰᠠᠷᠠᠨ ᠬᠥᠮᠦᠵᠢᠭᠦᠯᠬᠦ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ ᠃ ᠣᠶᠢᠵᠢᠭᠤᠯᠬᠤ ᠂ ᠬᠠᠮᠠᠭᠠᠯᠠᠬᠤ ᠬᠣᠶᠠᠷ ᠲᠠᠯ᠎ᠠ ᠶ᠋ᠢ ᠠᠳᠬᠤᠬᠤ ᠶ᠋ᠢ ᠪᠠᠷᠢᠮᠳᠠᠯᠠᠨ ᠂ ᠤᠢ ᠰᠢᠭᠤᠶ ᠶ᠋ᠢᠨ ᠬᠠᠮᠠᠭᠠᠯᠠᠭᠴᠢ ᠶ᠋ᠢᠨ ᠦᠶᠯᠡᠳᠦᠯ ‍ᠢ ᠪᠠᠳᠠᠷᠠᠭᠤᠯᠵᠤ ᠂ ᠰᠢᠨ᠎ᠡ ᠪᠡᠷ ᠣᠶᠢᠵᠢᠭᠤᠯᠤᠭᠰᠠᠨ ᠭᠠᠵᠠᠷ ᠲᠤ ᠬᠠᠮᠢᠶᠠᠷᠴᠣ ᠬᠠᠮᠠᠭᠠᠯᠠᠬᠤ ᠬᠠᠷᠢᠭᠤᠴᠠᠯᠭ᠎ᠠ ᠶ᠋ᠢ ᠨᠠᠶᠢᠳᠠᠪᠣᠷᠢᠵᠢᠭᠣᠯᠬᠣ ᠬᠡᠷᠡᠭᠲᠡᠶ ᠃ ᠲᠦᠷᠪᠡ ᠳ᠋ᠦ ᠂ ᠬᠣᠷᠣᠬᠠᠶ ᠶ᠋ᠢᠨ ᠬᠥᠨᠥᠭᠡᠯ ‍ᠢ ᠰᠡᠷᠭᠡᠶᠢᠯᠡᠨ ᠵᠠᠰᠠᠬᠤ ᠠᠵᠢᠯ ‍ᠢ ᠰᠠᠶᠢᠲᠤᠷ ᠠᠳᠬᠤᠬᠤ ᠬᠡᠷᠡᠭᠲᠡᠶ ᠃ ᠣᠢ ᠰᠢᠭᠤᠶ ᠶ᠋ᠢᠨ ᠰᠠᠯᠠᠭ᠎ᠠ ᠮᠥᠴᠢᠷ ᠤᠨ ᠬᠢᠨᠠᠨ ᠬᠡᠮᠵᠢᠵᠦ ᠰᠡᠷᠡᠮᠵᠢᠯᠡᠬᠦᠯᠦᠯᠳᠡ ᠪᠠᠨ ᠴᠢᠩᠭᠠᠳᠬᠠᠵᠤ ᠂ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶ᠋ᠢ ᠴᠠᠭ ᠲᠤᠬᠠᠶ ᠳ᠋ᠤᠨᠢ ᠨᠡᠶᠢᠲᠡᠯᠡᠬᠦ ᠶ᠋ᠢᠨ ᠬᠠᠮᠲᠤ ᠴᠢᠭᠯᠡᠯᠳᠡ ᠴᠢᠨᠠᠷᠲᠠᠶ ᠪᠠᠷ ᠰᠡᠷᠭᠡᠶᠢᠯᠡᠨ ᠵᠠᠰᠠᠬᠤ ᠠᠷᠭ᠎ᠠ ᠶ᠋ᠢ ᠳᠤᠷᠠᠳᠬᠤ ᠬᠡᠷᠡᠭᠲᠡᠶ ᠭᠡᠰᠡᠨ ᠪᠠᠶᠢᠨ᠎ᠠ ᠃

     ᠪᠦᠷᠢᠨ ᠱᠠᠭᠠᠷᠳᠠᠭᠰᠠᠨ ᠨᠢ ᠂ ᠣᠷᠴᠢᠨ ᠲᠣᠭᠣᠷᠢᠨ ‍ᠤ ᠴᠡᠭᠴᠡᠯᠡᠨ ᠵᠠᠰᠠᠯᠲᠠ ᠶ᠋ᠢ ᠰᠠᠶᠢᠲᠤᠷ ᠠᠳᠬᠤᠵᠤ ᠂ ᠠᠮᠢ ᠠᠬᠤᠢ ᠶ᠋ᠢᠨ ᠰᠠᠭᠤᠷᠢᠰᠢᠬᠤ ᠳ᠋ᠤ ᠲᠣᠬᠢᠷᠠᠮᠵᠢᠲᠠᠢ ᠭᠡᠷ ᠣᠷᠣᠨ ‍ᠢ ᠪᠠᠶᠢᠭᠤᠯᠬᠤ ᠬᠡᠷᠡᠭᠲᠡᠢ ᠃ ᠨᠢᠭᠡ ᠳ᠋ᠦ ᠂ ᠲᠥᠷᠥᠯ ᠵᠦᠶᠯ ‍ᠦᠨ ᠨᠠᠶᠢᠳᠠᠪᠤᠷᠢᠵᠢᠭᠤᠯᠤᠯᠲᠠ ᠶ᠋ᠢ ᠰᠠᠶᠢᠲᠤᠷ ᠠᠳᠬᠤᠬᠤ ᠬᠡᠷᠡᠭᠲᠡᠶ ᠃ ᠬᠣᠶᠠᠷ ᠲᠤ ᠂ ᠲᠤᠰᠬᠠᠶ ᠠᠵᠢᠯᠯᠠᠭ᠎ᠠ ᠶ᠋ᠢ ᠰᠠᠶᠢᠲᠤᠷ ᠠᠳᠬᠤᠬᠤ ᠬᠡᠷᠡᠭᠲᠡᠶ ᠃ ᠬᠣᠰᠢᠭᠤᠨ ‍ᠤ ᠵᠠᠮ ᠬᠠᠷᠢᠯᠴᠠᠭᠠᠨ ‍ᠤ ᠲᠣᠪᠴᠢᠶ᠎ᠠ ᠠᠵᠢᠯ ‍ᠤᠨ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠵᠦ ᠂ ᠵᠠᠮ ᠬᠠᠷᠢᠯᠴᠠᠭᠠᠨ ‍ᠤ ᠣᠷᠴᠢᠨ ᠲᠣᠭᠣᠷᠢᠨ ‍ᠤ ᠠᠷᠢᠭᠤᠨ ᠴᠡᠪᠡᠷ ‍ᠢ ᠴᠡᠭᠴᠡᠯᠡᠨ ᠵᠠᠰᠠᠬᠤ ᠠᠵᠢᠯᠯᠠᠭᠠᠨ ‍ᠤ ᠡᠭᠦᠷᠭᠡ ᠶ᠋ᠢ ᠰᠠᠶᠢᠲᠤᠷ ᠠᠳᠬᠤᠬᠤ ᠬᠡᠷᠡᠭᠲᠡᠶ ᠃ ᠭᠤᠷᠪᠠ ᠳ᠋ᠤ ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ‍ᠢ ᠰᠠᠶᠢᠲᠤᠷ ᠠᠳᠬᠤᠬᠤ ᠬᠡᠷᠡᠭᠲᠡᠶ ᠃ ᠡᠯ᠎ᠡ ᠭᠠᠵᠠᠷ ᠣᠷᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠲᠠᠶ ᠤᠶᠠᠯᠳᠤᠭᠤᠯᠤᠨ ᠂ ᠰᠢᠶᠠᠨ ‍ᠤ ᠣᠷᠣᠨᠵᠢᠯ ‍ᠤᠨ ᠬᠥᠳᠡᠭᠡ ᠲᠣᠰᠬᠣᠨ ‍ᠤ ᠪᠠᠶᠢᠷᠢᠰᠢᠭᠤᠯᠤᠯᠲᠠ ᠶ᠋ᠢᠨ ᠲᠥᠯᠥᠪᠵᠢᠭᠦᠯᠭᠡ ᠶ᠋ᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠬᠦ ᠬᠡᠷᠡᠭᠲᠡᠶ ᠃ 《 ᠠᠷᠪᠠᠨ ᠳᠥᠷᠪᠡᠳᠦᠭᠡᠷ ᠲᠠᠪᠤᠨ ᠵᠢᠯ 》 ‍ᠤᠨ ᠲᠥᠯᠥᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠲᠠᠶ ᠤᠶᠠᠯᠳᠤᠭᠤᠯᠤᠨ ᠂ ᠰᠠᠭᠤᠷᠢ ᠲᠣᠭ᠎ᠠ ᠶ᠋ᠢ ᠨᠠᠷᠢᠨ ᠲᠣᠳᠣᠷᠬᠠᠶ ᠣᠶᠢᠯᠠᠭᠠᠵᠤ ᠂ ᠬᠣᠰᠢᠭᠤᠨ ᠤ ᠱᠠᠲᠤᠨ ‍ᠤ ᠡᠯ᠎ᠡ ᠲᠤᠰᠬᠠᠶ ᠲᠥᠯᠥᠪᠵᠢᠭᠦᠯᠭᠡ ᠳ᠋ᠦ ᠣᠷᠣᠭᠣᠯᠣᠨ ᠂ ᠱᠠᠲᠤ ᠳᠠᠷᠠᠭᠠᠯᠠᠨ 《 ᠠᠷᠪᠠᠨ ᠳᠥᠷᠪᠡᠳᠦᠭᠡᠷ ᠲᠠᠪᠤᠨ ᠵᠢᠯ 》 ‍ᠤᠨ ᠲᠥᠯᠥᠪᠵᠢᠭᠦᠯᠭᠡ ᠳ᠋ᠦ ᠣᠷᠣᠭᠤᠯᠬᠤ ᠪᠠᠷ ᠴᠢᠷᠮᠠᠶᠢᠵᠣ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠣᠳᠣᠯᠭ᠎ᠠ ᠶ᠋ᠢ ᠭᠦᠨᠵᠡᠭᠡᠶ ᠠᠬᠢᠭᠤᠯᠬᠤ ᠪᠠ ᠮᠠᠯᠵᠢᠬᠤ ᠲᠠᠷᠢᠶᠠᠯᠠᠬᠤ ᠣᠷᠣᠨ ‍ᠤ ᠦᠷᠭᠦᠯᠵᠢᠯᠡᠨ ᠬᠥᠭᠵᠢᠬᠦ ᠱᠠᠭᠠᠷᠳᠠᠯᠭ᠎ᠠ ᠶ᠋ᠢ ᠬᠠᠩᠭᠠᠬᠤ ᠬᠡᠷᠡᠭᠲᠡᠶ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ