ᠬᠣᠰᠢᠭᠤᠨ ᠤ ᠨᠠᠮ ᠤᠨ ᠬᠣᠷᠢᠶᠠᠨ ᠤ ᠠᠷᠪᠠᠨ ᠬᠣᠶᠠᠳᠤᠭᠠᠷ ᠡᠭᠡᠯᠵᠢ ᠶ᠋ᠢᠨ ᠲᠣᠭᠣᠷᠢᠨ ᠪᠠᠶᠢᠴᠠᠭᠠᠯᠲᠠ ᠡᠬᠢᠯᠡᠭᠰᠡᠨ

ᠣᠩᠰᠢᠭᠰᠠᠨ ᠤᠳᠠᠭ᠎ᠠ ᠄ 130     ᠨᠡᠶᠢᠳᠡᠯᠡᠭᠰᠡᠨ ᠴᠠᠭ ᠄ 2020/11/16 16:33:41

        11 ᠳ᠋ᠣᠭᠡᠷ ᠰᠠᠷ᠎ᠠ ᠶ᠋ᠢᠨ 11 ᠤ ᠡᠳᠦᠷ ᠂ ᠠᠷᠪᠠᠨ ᠬᠣᠶᠠᠳᠤᠭᠠᠷ ᠬᠤᠭᠤᠴᠠᠭᠠᠨ ᠤ ᠬᠣᠰᠢᠭᠤᠨ ᠤ ᠨᠠᠮ ᠤᠨ ᠬᠣᠷᠢᠶᠠᠨ ᠤ ᠠᠷᠪᠠᠨ ᠬᠣᠶᠠᠳᠤᠭᠠᠷ ᠡᠭᠡᠯᠵᠢ ᠶ᠋ᠢᠨ ᠲᠣᠭᠣᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶ᠋ᠢᠨ ᠬᠤᠷᠠᠯ ᠬᠣᠷᠠᠯᠳᠣᠭᠣᠯᠵᠣ ᠂ ᠬᠣᠰᠢᠭᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠱᠦᠵᠢ ᠂ ᠬᠣᠰᠢᠭᠣᠨ ᠤ ᠨᠠᠮ ᠤᠨ ᠬᠣᠷᠢᠶᠠᠨ ᠤ ᠲᠣᠭᠣᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠹᠦ᠋ ᠰᠢᠩ ᠬᠤᠷᠠᠯ ᠳ᠋ᠤ ᠰᠠᠭᠠᠳᠠᠨ ᠶᠠᠷᠢᠶ᠎ᠠ ᠲᠠᠯᠪᠢᠭᠰᠠᠨ ᠪᠠᠶᠢᠨ᠎ᠠ ᠃

       ᠬᠤᠷᠠᠯ ᠡᠴᠠ ᠵᠢᠭᠠᠵᠤ ᠭᠠᠷᠭᠠᠭᠰᠠᠨ ᠨᠢ ᠂ ᠲᠤᠰ ᠡᠭᠡᠯᠵᠢ ᠶ᠋ᠢᠨ ᠲᠣᠭᠣᠷᠢᠨ ᠪᠠᠶᠢᠴᠠᠭᠠᠯᠳᠠ ᠳ᠋ᠥ ᠤᠯᠤᠰ ᠲᠥᠷᠥ ᠶ᠋ᠢᠨ ᠬᠢᠨᠠᠯᠳᠠ ᠲᠠᠯᠪᠢᠬᠤ ᠡᠭᠦᠷᠭᠡ ᠴᠢᠳᠠᠪᠤᠷᠢ ᠪᠠᠨ ᠪᠠᠲᠤ ᠰᠠᠬᠢᠵᠤ ᠂ 《 ᠬᠣᠶᠠᠷ ᠢ ᠬᠠᠮᠠᠭᠠᠯᠠᠬᠤ 》 ᠵᠢ ᠦᠨᠳᠦᠰᠦᠨ ᠡᠭᠦᠷᠭᠡ ᠪᠣᠯᠭᠠᠬᠤ ᠬᠡᠷᠡᠭᠲᠡᠢ ᠃ ᠲᠥᠪ ᠬᠣᠷᠢᠶᠠᠨ ᠤ 《 ᠭᠣᠷᠪᠠ ᠵᠢ ᠲᠦᠪᠯᠡᠷᠡᠭᠦᠯᠬᠦ 》 ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ ᠂ ᠣᠯᠠᠨ ᠲᠦᠮᠡᠨ ᠲᠠᠢ ᠨᠢᠭᠲᠠ ᠬᠠᠷᠢᠯᠴᠠᠨ ᠂ ᠨᠠᠮ ᠤᠨ ᠲᠦᠷᠦ ᠶ᠋ᠢᠨ ᠪᠤᠳᠤᠯᠭ᠎ᠠ ᠂ ᠲᠥᠪ ᠬᠣᠷᠢᠶᠠᠨ ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠂ ᠰᠢ ᠶ᠋ᠢᠨ ᠫᠢᠩ ᠶᠡᠷᠦᠩᠬᠡᠢ ᠱᠦᠵᠢ ᠶ᠋ᠢᠨ ᠴᠢᠬᠤᠯᠠ ᠵᠢᠭᠠᠪᠤᠷᠢ ᠶ᠋ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠲᠣᠭᠣᠷᠢᠨ ᠪᠠᠶᠢᠴᠠᠭᠠᠭᠳᠠᠬᠤ ᠰᠠᠯᠠᠭ᠎ᠠ ᠮᠥᠴᠢᠷ ᠨᠢᠭᠡᠴᠡ ᠶ᠋ᠢᠨ ᠡᠭᠦᠷᠭᠡ ᠴᠢᠳᠠᠪᠬᠢ ᠲᠠᠢ ᠨᠢᠭᠲᠠ  ᠣᠶᠠᠯᠳᠣᠭᠣᠯᠣᠨ ᠲᠣᠭᠣᠷᠢᠨ ᠪᠠᠶᠢᠴᠠᠭᠠᠯᠳᠠ ᠦᠷᠨᠢᠬᠦᠯᠬᠦ ᠬᠡᠷᠡᠭᠳᠡᠢ ᠬᠡᠵᠡᠢ ᠃

        ᠬᠤᠷᠠᠯ ᠡᠴᠠ ᠴᠢᠬᠤᠯᠠᠴᠢᠯᠠᠭᠰᠠᠨ ᠨᠢ ᠂ ᠡᠯ᠎ᠡ ᠲᠣᠭᠣᠷᠢᠨ ᠪᠠᠶᠢᠴᠠᠭᠠᠬᠤ ᠳᠤᠭᠤᠶᠢᠯᠠᠩ ᠭᠣᠣᠯᠳᠠᠯᠭ᠎ᠠ ᠶ᠋ᠢᠨ ᠲᠣᠭᠣᠷᠢᠨ ᠳ᠋ᠥ ᠂ ᠶᠡᠬᠡ ᠲᠠᠯ᠎ᠠ ᠳ᠋ᠤ ᠦᠢᠯᠡᠴᠢᠯᠡᠬᠦ ᠶ᠋ᠢ ᠪᠠᠷᠢᠮᠲᠠᠯᠠᠵᠤ ᠂ ᠠᠷᠠᠳ ᠲᠦᠮᠡᠨ ᠢᠶᠠᠷ ᠭᠣᠤᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠦᠢᠯᠡᠳᠦᠯᠬᠡᠵᠢᠬᠦᠯᠦᠨ ᠂ ᠡᠭᠦᠷᠭᠡ ᠬᠠᠷᠢᠭᠣᠴᠠᠯᠭ᠎ᠠ ᠪᠠᠨ ᠭᠦᠢᠴᠡᠳᠭᠡᠵᠣ ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ ᠬᠡᠷᠡᠭᠲᠡᠢ ᠃ ᠬᠣᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶ᠋ᠢᠨ ᠣᠨᠴᠠᠯᠢᠭ ᠵᠢᠮ᠎ᠡ ᠶᠣᠰᠣ ᠶ᠋ᠢ ᠣᠨᠣᠪᠴᠢᠲᠠᠶ ᠡᠵᠡᠮᠰᠢᠵᠣ ᠂ ᠬᠢᠨᠠᠯᠲᠠ ᠲᠠᠯᠪᠢᠬᠤ ᠠᠵᠢᠯ ᠢᠶᠡᠨ ᠪᠦᠲᠦᠮᠵᠢᠲᠡᠶ ᠥᠷᠨᠢᠭᠦᠯᠵᠦ ᠂ ᠲᠣᠭᠣᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠣᠷᠢᠶᠠᠨ ᠤ ᠲᠣᠬᠢᠷᠠᠭᠣᠯᠣᠯᠳᠠ ᠱᠠᠭᠠᠷᠳᠠᠯᠭ᠎ᠠ ᠶ᠋ᠢ ᠴᠢᠩᠭ᠎ᠠ ᠳᠠᠭᠠᠵᠤ ᠂ ᠨᠡᠶᠢᠭᠡᠮ ᠤᠨ ᠬᠥᠭᠵᠢᠯᠲᠡ ᠶ᠋ᠢᠨ ᠬᠡᠷᠡᠭᠴᠡᠭᠡ ᠳ᠋ᠤ ᠵᠣᠬᠢᠴᠠᠵᠤ ᠂ ᠡᠭᠦᠷᠭᠡ ᠬᠠᠷᠢᠭᠤᠴᠠᠯᠭ᠎ᠠ ᠪᠠᠨ ᠨᠡᠩ ᠰᠠᠢᠳᠤᠷ ᠭᠦᠢᠴᠡᠳᠭᠡᠨ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶ᠋ᠢ ᠤᠯᠬᠤ ᠂ ᠶᠠᠳᠠᠭᠣ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤ ᠢᠯᠠᠯᠲᠠ ᠶ᠋ᠢ ᠤᠯᠬᠤ ᠳ᠋ᠤ ᠪᠠᠲᠤ ᠴᠢᠩᠭ᠎ᠠ ᠤᠯᠤᠰ ᠲᠦᠷᠦ ᠶ᠋ᠢᠨ ᠪᠠᠲᠤᠯᠠᠭ᠎ᠠ  ᠬᠠᠩᠭᠠᠬᠣ ᠬᠡᠷᠡᠭᠲᠡᠢ ᠬᠡᠯ᠎ᠡ ᠃
        ᠬᠤᠷᠠᠯ ᠡᠴᠠ ᠱᠠᠭᠠᠷᠳᠠᠭᠰᠠᠨ ᠨᠢ ᠂ ᠲᠣᠭᠣᠷᠢᠨ ᠪᠠᠶᠢᠴᠠᠭᠠᠭᠳᠠᠬᠤ ᠰᠠᠯᠠᠭ᠎ᠠ ᠮᠥᠴᠢᠷ ᠨᠢᠭᠡᠴᠡ ᠶ᠋ᠢᠨ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶ᠋ᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠬᠢᠨᠠᠯᠲᠠ ᠶ᠋ᠢ ᠬᠦᠯᠢᠶᠡᠬᠦ ᠦᠵᠡᠯ ᠰᠠᠨᠠᠭᠠᠨ ᠤ ᠤᠬᠠᠮᠰᠠᠷ ᠂ ᠤᠯᠤᠰ ᠲᠦᠷᠦ ᠶ᠋ᠢᠨ ᠤᠬᠠᠮᠰᠠᠷ ᠪᠠ ᠦᠢᠯᠡ ᠠᠵᠢᠯᠯᠠᠭ᠎ᠠ ᠶ᠋ᠢᠨ ᠤᠬᠠᠮᠰᠠᠷ ᠢᠶᠡᠨ ᠴᠢᠩᠭᠠᠳᠬᠠᠬᠤ ᠬᠡᠷᠡᠭᠲᠡᠶ ᠃ ᠪᠦᠬᠦ ᠲᠣᠭᠣᠷᠢᠨ ᠪᠠᠶᠢᠴᠠᠭᠠᠬᠤ ᠺᠠᠳ᠋ᠷᠴᠤᠳ ᠲᠣᠭᠣᠷᠢᠨ ᠪᠠᠶᠢᠴᠠᠭᠠᠵᠤ ᠬᠢᠨᠠᠯᠲᠠ ᠲᠠᠯᠪᠢᠬᠤ ᠭᠣᠣᠯᠳᠠᠯᠭ᠎ᠠ ᠳ᠋ᠤ ᠲᠦᠪᠯᠡᠷᠡᠭᠦᠯᠦᠨ ᠂ ᠤᠯᠤᠰ ᠲᠥᠷᠥ ᠶ᠋ᠢᠨ ᠪᠠᠷᠢᠮᠵᠢᠶ᠎ᠠ ᠶ᠋ᠢ ᠣᠨᠣᠪᠴᠢᠲᠠᠶ ᠡᠵᠡᠮᠳᠡᠵᠦ ᠂ ᠬᠣᠰᠢᠭᠣᠨ ᠤ ᠨᠠᠮ ᠤᠨ ᠬᠣᠷᠢᠶᠠᠨ ᠡᠴᠡ ᠳᠠᠭᠠᠭᠠᠯᠭᠠᠭᠰᠠᠨ ᠲᠣᠭᠣᠷᠢᠨ ᠪᠠᠶᠢᠴᠠᠭᠠᠬᠤ ᠡᠭᠦᠷᠭᠡ ᠶ᠋ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ ᠃
        ᠲᠤᠰ ᠡᠭᠡᠯᠵᠢ ᠶ᠋ᠢᠨ ᠲᠣᠭᠣᠷᠢᠨ ᠪᠠᠶᠢᠴᠠᠭᠠᠯᠲᠠ ᠨᠢ 2020 ᠣᠨ ᠤ 11 ᠰᠠᠷ᠎ᠠ ᠶ᠋ᠢᠨ ᠳᠤᠮᠳᠠᠴᠢ ᠡᠴᠠ 12 ᠰᠠᠷ᠎ᠠ ᠶ᠋ᠢᠨ ᠰᠡᠭᠦᠯᠴᠢ ᠪᠣᠯᠲᠠᠯ᠎ᠠ 45 ᠡᠳᠦᠷ ᠣᠷᠴᠢᠮ ᠶᠠᠪᠣᠭᠳᠠᠬᠣ ᠪᠣᠯᠣᠨ᠎ᠠ ᠃ ᠬᠣᠰᠢᠭᠤᠨ ᠤ ᠨᠠᠮ ᠤᠨ ᠬᠣᠷᠢᠶ᠎ᠠ ᠡᠴᠠ 7 ᠲᠣᠭᠣᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠬᠣᠰᠢᠭᠤᠨ ᠤ ᠨᠠᠮ ᠤᠨ ᠬᠣᠷᠢᠶᠠᠨ ᠤ ᠠᠯᠪᠠᠨ ᠭᠡᠷ ᠂ ᠬᠣᠰᠢᠭᠣᠨ ᠤ  ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠂ ᠬᠣᠰᠢᠭᠤᠨ ᠤ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠂ ᠬᠣᠰᠢᠭᠤᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠂ ᠬᠣᠰᠢᠭᠣᠨ ᠤ ᠨᠠᠮ ᠤᠨ ᠬᠣᠷᠢᠶᠠᠨ ᠤ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠂ ᠬᠣᠰᠢᠭᠤᠨ ᠤ ᠨᠠᠮ ᠤᠨ ᠬᠣᠷᠢᠶᠠᠨ ᠤ ᠵᠣᠬᠢᠶᠠᠨ ᠪᠠᠶᠢᠭᠣᠯᠬᠣ ᠬᠡᠯᠳᠡᠰ ᠂ ᠬᠣᠰᠢᠭᠣᠨ ᠤ ᠨᠠᠮ ᠤᠨ ᠬᠣᠷᠢᠶᠠᠨ ᠤ ᠨᠢᠭᠣᠴᠠ ᠶ᠋ᠢ ᠬᠠᠮᠠᠭᠠᠯᠠᠬᠤ ᠲᠣᠪᠴᠢᠶ᠎ᠠ ᠂ ᠬᠣᠰᠢᠭᠤᠨ ᠤ ᠨᠠᠮ ᠤᠨ ᠬᠣᠷᠢᠶᠠᠨ ᠤ ᠬᠦᠯᠢᠶᠡᠨ ᠠᠪᠬᠤ ᠠᠵᠢᠯ ᠤᠨ ᠠᠯᠪᠠᠨ ᠭᠡᠷ ᠂ ᠬᠣᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶ᠋ᠢᠨ ᠲᠣᠪᠴᠢᠶ᠎ᠠ ᠂ ᠬᠣᠰᠢᠭᠣᠨ ᠤ ᠬᠣᠲᠠ ᠶ᠋ᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠂ ᠬᠣᠰᠢᠭᠤᠨ ᠤ ᠴᠡᠷᠢᠭ ᠤᠨ ᠠᠯᠪᠠᠨ ᠡᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠂ ᠬᠣᠰᠢᠭᠤᠨ ᠤ ᠳᠠᠩᠰᠠ ᠡᠪᠬᠡᠮᠡᠯ ᠤᠨ ᠣᠷᠳᠣᠨ ᠵᠡᠷᠭᠡ 12 ᠰᠠᠯᠠᠭ᠎ᠠ ᠮᠥᠴᠢᠷ ᠨᠢᠭᠡᠴᠡ ᠳ᠋ᠤ ᠡᠩ ᠤᠨ ᠲᠣᠭᠣᠷᠢᠨ ᠪᠠᠶᠢᠴᠠᠭᠠᠯᠲᠠ ᠦᠷᠨᠢᠬᠦᠯᠬᠦ ᠪᠣᠯᠣᠨ᠎ᠠ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ