ᠬᠣᠰᠢᠭᠤᠨ ᠤ ᠡᠮᠡᠭᠲᠠᠶᠢᠴᠣᠳ ᠤᠨ ᠬᠣᠯᠪᠣᠭ᠎ᠠ ᠶ᠋ᠢᠨ 《 ᠬᠥᠳᠡᠭᠡ ᠲᠣᠰᠬᠣᠨ ‍ᠤ ᠶᠠᠳᠠᠭᠤ ᠬᠦᠴᠢᠷᠳᠡᠯᠲᠡᠶ ᠡᠬᠡᠴᠦᠳ ‍ᠤᠨ ᠬᠣᠶᠠᠷ ᠦᠮᠠᠨ ᠡᠪᠡᠳᠴᠢᠨ ᠡᠴᠠ ᠠᠪᠣᠷᠠᠨ ᠲᠣᠰᠠᠯᠠᠬᠣ 》 ᠲᠦᠪ ᠤᠨ ᠲᠣᠰᠬᠠᠢ ᠲᠦᠷᠦᠯ ‍ᠤᠨ ᠨᠡᠶᠢᠳᠡ ᠶ᠋ᠢᠨ ᠠᠰᠠᠷᠠᠮᠵᠢ ᠶ᠋ᠢᠨ ᠮᠦᠩᠭᠦ ᠲᠠᠷᠬᠠᠭᠠᠬᠣ ᠶᠣᠰᠣᠯᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 128     ᠨᠡᠶᠢᠳᠡᠯᠡᠭᠰᠡᠨ ᠴᠠᠭ ᠄ 2020/11/16 16:42:17

          11 ᠳ᠋ᠣᠭᠡᠷ ᠰᠠᠷ᠎ᠠ ᠶ᠋ᠢᠨ 11 ᠤ ᠡᠳᠦᠷ ᠂ ᠪᠦᠬᠦ ᠣᠯᠣᠰ ᠤᠨ ᠡᠮᠡᠭᠲᠠᠶᠢᠴᠣᠳ ᠤᠨ ᠬᠣᠯᠪᠣᠭ᠎ᠠ ᠶ᠋ᠢᠨ 《 ᠬᠥᠳᠡᠭᠡ ᠲᠣᠰᠬᠣᠨ ‍ᠤ ᠶᠠᠳᠠᠭᠤ ᠬᠦᠴᠢᠷᠳᠡᠯᠲᠡᠶ ᠡᠬᠡᠴᠦᠳ ‍ᠤᠨ ᠬᠣᠶᠠᠷ ᠦᠮᠠᠨ ᠡᠪᠡᠳᠴᠢᠨ ᠡᠴᠠ ᠠᠪᠣᠷᠠᠨ ᠲᠣᠰᠠᠯᠠᠬᠣ 》 ᠲᠦᠪ ᠤᠨ ᠲᠣᠰᠬᠠᠢ ᠲᠦᠷᠦᠯ ‍ᠤᠨ ᠨᠡᠶᠢᠳᠡ ᠶ᠋ᠢᠨ ᠠᠰᠠᠷᠠᠮᠵᠢ ᠶ᠋ᠢᠨ ᠮᠦᠩᠭᠦ ᠲᠠᠷᠬᠠᠭᠠᠬᠣ ᠶᠣᠰᠣᠯᠠᠯ ᠶᠠᠪᠣᠭᠳᠠᠭᠣᠯᠵᠣ ᠂ ᠪᠥᠬᠥ ᠬᠣᠰᠢᠭᠤᠨ ᠤ 31 ᠨᠡᠷᠡᠰ 《 ᠬᠣᠶᠠᠷ ᠥᠮᠡᠨ 》 ᠡᠪᠡᠳᠴᠢᠨ ᠳ᠋ᠤ ᠨᠡᠷᠪᠡᠭᠳᠡᠭᠰᠡᠨ ᠡᠮᠡᠭᠳᠡᠶᠢᠴᠣᠳ ᠲᠦᠪ ᠤᠨ ᠲᠣᠰᠬᠠᠢ ᠲᠦᠷᠦᠯ ‍ᠤᠨ ᠨᠡᠶᠢᠳᠡ ᠶ᠋ᠢᠨ ᠠᠰᠠᠷᠠᠮᠵᠢ ᠶ᠋ᠢᠨ ᠮᠦᠩᠭᠦ ᠡᠴᠠ ᠬᠥᠮᠦᠨ ᠪᠦᠷᠢ 1 ᠲᠦᠮᠡᠨ ᠲᠦᠭᠦᠷᠢᠭ ᠤᠨ ᠲᠤᠰᠠᠯᠠᠮᠵᠢ ᠭᠥᠷᠳᠡᠪᠡ ᠃ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ ᠡᠤ ᠵᠢᠶᠦ᠋ᠨ ᠮᠢᠩ ᠂ ᠬᠣᠰᠢᠭᠤᠨ ᠤ ᠤᠯᠤᠰ ᠲᠥᠷᠥ ᠶ᠋ᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠬᠠᠷᠠᠪᠠᠷᠰ ᠶᠣᠰᠣᠯᠠᠯ ᠳ᠋ᠥ ᠰᠠᠭᠠᠠᠳᠠᠭᠰᠠᠨ ᠪᠠᠶᠢᠨ᠎ᠠ ᠃

        ᠦ᠋ ᠵᠢᠶᠦ᠋ᠨ ᠮᠢᠩ ᠵᠢᠭᠠᠵᠤ ᠭᠠᠷᠭᠠᠭᠰᠠᠨ ᠨᠢ ᠂ ᠣᠶᠢᠷ᠎ᠠ ᠶ᠋ᠢᠨ ᠵᠢᠯ ᠳ᠋ᠤ ᠂ ᠮᠠᠨ ᠤ ᠬᠣᠰᠢᠭᠤ ᠬᠥᠳᠡᠭᠡ ᠲᠣᠰᠬᠣᠨ ᠤ ᠡᠮᠡᠭᠲᠡᠶᠢᠴᠦᠳ ᠤᠨ 《 ᠬᠣᠶᠠᠷ ᠥᠮᠡᠨ 》 ᠡᠪᠡᠳᠴᠢᠨ ᠢ ᠰᠦᠢᠳᠭᠡᠯ ᠬᠤᠷᠢᠶᠠᠬᠤ ᠥᠬᠡᠶ ᠪᠠᠶᠢᠴᠠᠭᠠᠬᠣ ᠪᠠ ᠠᠪᠤᠷᠠᠨ ᠲᠤᠰᠠᠯᠠᠬᠤ ᠠᠵᠢᠯ ᠢ ᠪᠥᠬᠥ ᠬᠣᠰᠢᠭᠤᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠳ᠋ᠤ ᠣᠷᠣᠭᠣᠯᠵᠣ ᠂ ᠬᠣᠰᠢᠭᠤᠨ ᠤ ᠡᠮᠡᠭᠲᠡᠶᠢᠴᠦᠳ ᠤᠨ ᠬᠣᠯᠪᠣᠭ᠎ᠠ ᠂ ᠬᠣᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠡᠴᠠ ᠬᠣᠶᠠᠷ ᠥᠮᠡᠨ ᠡᠪᠡᠳᠴᠢᠳᠡᠨ ᠢ ᠠᠪᠤᠷᠠᠨ ᠲᠤᠰᠠᠯᠠᠬᠤ ᠠᠵᠢᠯ ᠢ ᠴᠢᠬᠤᠯᠠ ᠪᠠᠶᠢᠷᠢᠨ ᠳ᠋ᠤ ᠲᠠᠯᠪᠢᠵᠣ ᠂ ᠶᠠᠳᠠᠭᠤ ᠬᠦᠴᠢᠷᠳᠡᠯᠲᠡᠶ ᠡᠬᠡᠴᠦᠳ ‍ᠤᠨ ᠬᠣᠶᠠᠷ ᠦᠮᠠᠨ ᠡᠪᠡᠳᠴᠢᠨ ᠡᠴᠠ ᠠᠪᠣᠷᠠᠨ ᠲᠣᠰᠠᠯᠠᠬᠣ ᠠᠵᠢᠯ ᠢ ᠪᠦᠬᠦ ᠬᠦᠴᠦᠨ ᠢᠶᠠᠷ ᠠᠬᠢᠭᠣᠯᠬᠣ ᠬᠡᠷᠡᠭᠲᠡᠢ ᠃ 2020 ᠣᠨ ᠳ᠋ᠤ ᠮᠠᠨ ᠤ ᠬᠣᠰᠢᠭᠤ ᠲᠠᠷᠢᠶᠠᠯᠠᠩ ᠤᠨ ᠰᠤᠯᠠ ᠰᠡᠯᠡᠭᠦᠦ ᠴᠠᠭ ‍ᠢ ᠠᠰᠢᠭᠯᠠᠨ 16454 ᠡᠮᠡᠭᠲᠡᠶ ᠳ᠋ᠤ ᠪᠠᠶᠢᠩᠭᠤ ᠶ᠋ᠢᠨ ᠴᠢᠨᠠᠷᠲᠠᠢ ᠡᠪᠡᠳᠴᠢᠨ ᠵᠢᠴᠢ ᠬᠣᠶᠠᠷ ᠥᠮᠡᠨ ᠢ ᠰᠢᠭᠰᠢᠨ ᠪᠠᠶᠢᠴᠠᠭᠠᠵᠣ ᠂ ᠰᠠᠪᠠ ᠶ᠋ᠢᠨ ᠬᠦᠵᠦᠭᠦᠨ ᠤ ᠥᠮᠡᠨ ᠤ ᠪᠠᠶᠢᠴᠠᠭᠠᠨ ᠬᠡᠮᠵᠢᠯᠲᠡ 8927 ᠂ ᠬᠥᠬᠥᠨ ᠪᠤᠯᠴᠢᠷᠬᠠᠶ ᠶ᠋ᠢᠨ ᠥᠮᠡᠨ ᠤ ᠪᠠᠶᠢᠴᠠᠭᠠᠯᠲᠠ 7527 ᠪᠠᠶ᠋ᠢᠨ᠎ᠠ ᠃ ᠬᠣᠶᠢᠰᠢᠳᠠ ᠪᠢᠳᠡ ᠣᠯᠠᠨ ᠬᠡᠯᠪᠡᠷᠢ ᠶ᠋ᠢᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ ᠂ ᠶᠠᠳᠠᠭᠤ ᠬᠦᠴᠢᠷᠳᠡᠯᠲᠡᠢ ᠡᠮᠡᠭᠲᠡᠶᠢᠴᠦᠳ ᠤᠨ ᠬᠡᠪ ᠴᠢᠨᠠᠷ ᠢ ᠲᠡᠭᠡᠭᠰᠢᠯᠡᠭᠦᠯᠦᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠳ᠋ᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ ᠭᠡᠵᠡᠢ ᠃

        ᠲᠣᠰ ᠣᠳᠠᠭᠠᠨ ᠤ ᠠᠵᠢᠯᠯᠠᠭ᠎ᠠ ᠶ᠋ᠢᠨ ᠵᠣᠷᠢᠯᠭ᠎ᠠ ᠨᠢ ᠨᠡᠩ ᠣᠯᠠᠨ ᠪᠠᠶᠢᠭᠤᠯᠭ᠎ᠠ ᠨᠢᠭᠡᠴᠡ ᠡᠨᠡ ᠬᠦ ᠤᠳᠬ᠎ᠠ ᠠᠭᠤᠯᠭ᠎ᠠ ᠲᠠᠢ ᠠᠵᠢᠯᠯᠠᠭ᠎ᠠ ᠳ᠋ᠤ ᠣᠷᠣᠯᠴᠠᠬᠤ ᠶ᠋ᠢ ᠤᠷᠢᠶᠠᠯᠠᠵᠤ ᠂ 《 ᠬᠣᠶᠠᠷ ᠥᠮᠡᠨ 》 ᠡᠪᠡᠳᠴᠢᠨ ᠳ᠋ᠤ ᠨᠡᠷᠪᠡᠭᠳᠡᠭᠰᠡᠨ ᠡᠮᠡᠭᠳᠡᠶᠢᠴᠣᠳ ᠤᠨ ᠠᠮᠢᠳᠣᠷᠠᠯ ᠤᠨ ᠢᠳᠡᠭᠡᠯ ᠵᠣᠷᠢᠭ ‍ᠢ ᠨᠢ ᠬᠦᠪᠴᠢᠯᠡᠨ᠎ᠠ ᠃

         ᠢ ᠯᠦᠩ ᠶᠦᠩ ᠪᠠᠯᠭᠠᠰᠤᠨ ᠤ ᠰᠠᠨ ᠾᠧ ᠲᠣᠰᠬᠣᠨ  ᠯᠢ ᠬᠦᠶ ᠼᠦᠩ᠄  ᠪᠢ ᠨᠢᠳᠤᠨᠤᠨ ᠤ ᠳᠣᠯᠣᠳᠤᠭᠠᠷ ᠰᠠᠷ᠎ᠠ ᠡᠴᠠ ᠡᠬᠢᠯᠡᠨ ᠬᠥᠬᠥᠨ ᠪᠤᠯᠴᠢᠷᠬᠠᠶ ᠶ᠋ᠢᠨ ᠥᠮᠡᠨ ᠤ ᠬᠣᠤᠷᠲᠤ ᠬᠠᠪᠤᠳᠠᠷ ᠢ ᠪᠠᠶᠢᠴᠠᠭᠠᠵᠣ ᠭᠠᠷᠭᠠᠵᠣ ᠂ ᠪᠡᠭᠡᠵᠢᠩ ᠳ᠋ᠤ ᠣᠴᠢᠵᠤ ᠮᠡᠰᠡ ᠵᠠᠰᠠᠯ ᠬᠢᠯᠭᠡᠪᠡ ᠃ ᠡᠮᠨᠡᠯᠭᠡ ᠳ᠋ᠤ ᠰᠠᠭᠤᠭᠰᠠᠨ ᠤ ᠳᠠᠷᠠᠭ᠎ᠠ ᠂ ᠡᠮᠡᠭᠲᠡᠶᠢᠴᠦᠳ ᠤᠨ ᠬᠣᠯᠪᠣᠭ᠎ᠠ ᠡᠴᠡ ᠨᠠᠳᠠ ᠳ᠋ᠥ ᠨᠢᠭᠡ ᠲᠦᠮᠡᠨ ᠲᠥᠭᠥᠷᠢᠭ ᠤᠨ ᠲᠤᠰᠠᠯᠠᠮᠵᠢ ᠶ᠋ᠢᠨ ᠮᠥᠩᠭᠥ ᠦᠭᠭᠦ ᠪᠡᠷ ᠮᠡᠳᠡᠭᠳᠡᠵᠦ ᠂ ᠥᠨᠥᠳᠦᠷ ᠲᠣᠰ ᠲᠣᠰᠠᠯᠠᠮᠵᠢ ᠶ᠋ᠢᠨ ᠮᠦᠩᠭᠦ ᠵᠢ ᠲᠣᠰᠣᠭᠠᠳ ᠲᠤᠩ ᠪᠠᠶᠠᠷᠠᠯᠠᠵᠣ ᠪᠠᠶᠢᠨ᠎ᠠ ᠃ ᠨᠠᠳᠠ ᠳ᠋ᠤ ᠮᠠᠰᠢ ᠶᠡᠬᠡ ᠬᠠᠪᠰᠤᠷᠤᠯᠭ᠎ᠠ ᠪᠣᠯᠵᠤ ᠂ ᠮᠢᠨᠦ ᠭᠡᠷ ᠪᠦᠯᠢ ᠶ᠋ᠢᠨ ᠳᠠᠷᠤᠭᠠᠰᠤ ᠶ᠋ᠢ ᠬᠥᠩᠭᠡᠷᠡᠭᠦᠯᠪᠡ ᠃
        ᠡᠮᠡᠭᠲᠡᠶᠢᠴᠦᠳ ᠤᠨ ᠠᠮᠢᠳᠤᠷᠠᠯ ᠤᠨ ᠬᠢᠷᠢ ᠬᠡᠮᠵᠢᠶ᠎ᠡ ᠶ᠋ᠢ ᠪᠠᠲᠤᠯᠠᠨ ᠰᠠᠶᠢᠵᠢᠷᠠᠭᠤᠯᠵᠤ ᠂ ᠲᠡᠳᠡᠨᠡᠷ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶ᠋ᠢ ᠬᠠᠮᠠᠭᠠᠯᠠᠬᠤ ᠶ᠋ᠢᠨ ᠲᠥᠯᠥᠭᠡ ᠂ ᠪᠦᠬᠦ ᠤᠯᠤᠰ ᠤᠨ ᠡᠮᠡᠭᠲᠡᠶᠢᠴᠦᠳ ᠤᠨ ᠬᠣᠯᠪᠣᠭ᠎ᠠ ᠪᠣᠯᠤᠨ ᠡᠷᠡᠭᠦᠯ ᠬᠠᠮᠠᠭᠠᠯᠠᠯ ᠤᠨ ᠶᠠᠮᠤᠨ ᠬᠠᠮᠲᠤᠪᠠᠷ ᠬᠦᠳᠡᠭᠡ ᠲᠣᠰᠬᠣᠨ ᠤ ᠡᠮᠡᠭᠲᠡᠶᠢᠴᠦᠳ ᠤᠨ ᠬᠣᠶᠠᠷ ᠥᠮᠡᠨ ᠢ ᠪᠠᠶᠢᠴᠠᠭᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠣ ᠂ ᠬᠥᠳᠡᠭᠡ ᠲᠣᠰᠬᠣᠨ ᠤ ᠡᠪᠡᠳᠴᠢᠨ ᠳ᠋ᠥ ᠨᠡᠷᠪᠡᠭᠳᠡᠭᠰᠡᠨ ᠶᠠᠳᠠᠭᠤ ᠬᠦᠴᠢᠷᠳᠡᠯᠲᠡᠶ ᠡᠮᠡᠭᠲᠡᠶ᠋ᠢᠴᠦᠳ ᠲᠤ ᠦᠨᠡᠨ ᠬᠦ ᠪᠣᠳᠠᠲᠤ ᠠᠰᠢᠭ ᠬᠦᠷᠳᠡᠭᠡᠭᠰᠡᠨ ᠪᠠᠶᠢᠨ᠎ᠠ ᠃
        ᠬᠣᠰᠢᠭᠤᠨ ᠤ ᠡᠮᠡᠭᠲᠡᠶᠢᠴᠦᠳ ᠤᠨ ᠬᠣᠯᠪᠣᠭ᠎ᠠ ᠶ᠋ᠢᠨ ᠳᠡᠳ᠋ ᠲᠡᠷᠢᠭᠦᠯᠡᠭᠴᠢ ᠡᠤ ᠨᠢᠩ ᠢᠦᠶ᠄ ᠪᠢᠳᠡ 2012 ᠣᠨ ᠡᠴᠠ ᠡᠬᠢᠯᠡᠨ ᠡᠨᠡ ᠠᠵᠢᠯᠯᠠᠭ᠎ᠠ ᠶ᠋ᠢ ᠦᠷᠨᠢᠭᠦᠯᠵᠣ ᠂ ᠤᠳᠤ ᠪᠣᠯᠲᠠᠯ᠎ᠠ ᠂ ᠨᠡᠶᠢᠲᠡ 251 ᠶᠠᠳᠠᠭᠤ ᠬᠦᠴᠢᠷᠳᠡᠯᠲᠡᠶ ᠡᠮᠡᠭᠳᠡᠶᠢᠴᠣᠳ ‍ᠢ ᠠᠪᠤᠷᠠᠨ ᠲᠤᠰᠠᠯᠠᠵᠤ ᠂ ᠨᠡᠶᠢᠲᠡ 251 ᠲᠦᠮᠡᠨ ᠲᠥᠭᠥᠷᠢᠭ ᠲᠠᠷᠬᠠᠭᠠᠪᠠ ᠃ ᠡᠨᠡ ᠬᠦ ᠲᠤᠰᠬᠠᠶ ᠰᠠᠭᠤᠷᠢ ᠮᠥᠩᠭᠥ ᠨᠢ ᠬᠡᠳᠦᠶᠢᠪᠡᠷ ᠠᠪᠤᠷᠠᠨ ᠲᠤᠰᠠᠯᠠᠬᠤ ᠬᠥᠮᠦᠨ ᠤ ᠲᠣᠭ᠎ᠠ ᠪᠠ ᠵᠣᠭᠣᠰ ᠤᠨ ᠲᠣᠭ᠎ᠠ ᠬᠢᠵᠠᠭᠠᠷ ᠲᠠᠢ ᠪᠣᠯᠪᠠᠴᠣ ᠂ ᠲᠣᠰ ᠲᠣᠰᠠᠯᠠᠮᠵᠢ ᠪᠡᠷ ᠡᠪᠡᠳᠴᠢᠨ ᠳ᠋ᠥ ᠨᠡᠷᠪᠡᠭᠳᠡᠭᠰᠡᠨ ᠶᠠᠳᠠᠭᠣ ᠬᠦᠴᠢᠷᠲᠡᠯᠲᠡᠢ ᠡᠮᠡᠭᠳᠡᠶᠢᠴᠣᠳ  ᠲᠤ ᠦᠴᠦᠭᠡᠨ ᠴᠦ ᠭᠡᠰᠡᠨ ᠬᠠᠶᠢᠷ᠎ᠠ ᠬᠠᠯᠠᠮᠵᠢ ᠣᠯᠭᠣᠵᠣ ᠂ ᠨᠡᠩ ᠴᠢᠬᠤᠯᠠ ᠨᠢ ᠡᠨᠡᠬᠦ ᠠᠵᠢᠯᠯᠠᠭ᠎ᠠ ᠪᠠᠷ ᠳᠠᠮᠵᠢᠨ ᠪᠦᠬᠦ ᠨᠡᠶᠢᠭᠡᠮ ᠢᠶᠠᠷ ᠢᠶᠡᠨ ᠬᠣᠶᠠᠷ ᠥᠮᠡᠨ ᠡᠪᠡᠳᠴᠢᠨ ᠳ᠋ᠥ ᠨᠡᠷᠪᠡᠭᠳᠡᠭᠰᠡᠨ ᠡᠮᠡᠭᠲᠡᠶᠢᠴᠦᠳ ᠢ ᠠᠩᠬᠠᠷᠠᠬᠣ ᠵᠢ ᠣᠷᠢᠶᠠᠯᠠᠵᠣ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ