ᠬᠣᠰᠢᠭᠤᠨ ᠤ ᠨᠠᠮ ᠤᠨ ᠬᠣᠷᠢᠶᠠᠨ ᠤ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠤᠨ ᠬᠤᠷᠠᠯ ᠬᠤᠷᠠᠯᠳᠤᠭᠤᠯᠵᠤ ᠂ ᠵᠠᠩ ᠬᠤᠸᠠ ᠬᠤᠷᠠᠯ ᠳ᠋ᠤ ᠰᠠᠭᠠᠳᠠᠵᠣ ᠶᠠᠷᠢᠶ᠎ᠠ ᠲᠠᠯᠪᠢᠭᠰᠠᠨ

ᠣᠩᠰᠢᠭᠰᠠᠨ ᠤᠳᠠᠭ᠎ᠠ ᠄ 119     ᠨᠡᠶᠢᠳᠡᠯᠡᠭᠰᠡᠨ ᠴᠠᠭ ᠄ 2020/11/18 10:37:34

          11 ᠳ᠋ᠦ᠋ᠬᠡᠷ ᠰᠠᠷ᠎ᠠ ᠶ᠋ᠢᠨ 13 ᠤ ᠡᠳᠦᠷ ᠂ ᠬᠣᠰᠢᠭᠤᠨ ᠤ ᠨᠠᠮ ᠤᠨ ᠬᠣᠷᠢᠶᠠᠨ ᠤ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠤᠨ ᠬᠤᠷᠠᠯ ᠬᠣᠷᠠᠯᠳᠣᠵᠣ ᠂ ᠬᠣᠲᠠ ᠶ᠋ᠢᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠳᠡᠳ᠋ ᠡᠷᠬᠢᠯᠡᠭᠴᠢ ᠂ ᠬᠣᠰᠢᠭᠤᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠪᠠ ᠃ ᠲᠡᠷᠡ ᠴᠢᠬᠤᠯᠠᠴᠢᠯᠠᠭᠰᠠᠨ ᠨᠢ ᠂ ᠰᠢ ᠶ᠋ᠢᠨ ᠫᠢᠩ ᠤᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ‍ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠶᠡᠷᠦᠩᠬᠡᠶ ᠱᠦᠵᠢ ᠰᠢ ᠶ᠋ᠢᠨ ᠫᠢᠩ ᠤᠨ ᠰᠢᠨ᠎ᠡ ᠴᠠᠭ ᠦᠶ᠎ᠡ ᠳ᠋ᠤ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ‍ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠬᠣᠲᠠ ᠶ᠋ᠢᠨ ᠨᠠᠮ ᠤᠨ ᠬᠣᠷᠢᠶᠠᠨ ᠤ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶ᠋ᠢ ᠭᠦᠨᠵᠡᠭᠡᠶ ᠳᠣᠭᠣᠰᠢᠯᠠᠭᠣᠯᠣᠨ ᠨᠠᠶᠢᠳᠠᠪᠤᠷᠢᠵᠢᠭᠤᠯᠵᠤ ᠂ ᠭᠣᠤᠯ ᠠᠵᠢᠯ ᠲᠠᠢ ᠤᠶᠠᠯᠳᠤᠭᠤᠯᠤᠨ ᠂ ᠶᠡᠬᠡ ᠲᠠᠯ᠎ᠠ ᠳ᠋ᠤ ᠦᠢᠯᠡᠴᠢᠯᠡᠵᠦ ᠂ ᠠᠷᠠᠳ ᠤᠨ ᠤᠯᠤᠰ ᠲᠦᠷᠦ ᠶ᠋ᠢᠨ ᠵᠥᠪᠯᠡᠯᠭᠡᠨ ᠤ ᠠᠵᠢᠯ ᠢ ᠲᠠᠬᠢᠨ ᠰᠢᠨ᠎ᠡ ᠱᠠᠳᠣᠨ ᠳ᠋ᠤ ᠭᠠᠷᠭᠠᠬᠤ ᠶ᠋ᠢ ᠠᠬᠢᠭᠤᠯᠵᠦ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠂ ᠴᠢᠨᠡᠭᠡᠯᠢᠭ ᠨᠡᠶ᠋ᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶ᠋ᠢ ᠣᠯᠵᠣ ᠂ ᠪᠦᠬᠦ ᠬᠣᠰᠢᠭᠤᠨ ᠤ ᠴᠢᠨᠠᠷ ᠰᠠᠶᠢᠲᠠᠢ ᠬᠥᠭᠵᠢᠯᠲᠡ ᠶ᠋ᠢ ᠠᠬᠢᠭᠣᠯᠬᠣ ᠳ᠋ᠥ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠠᠢ ᠭᠡᠵᠠᠢ ᠃

        ᠵᠠᠩ ᠬᠤᠸᠠ ᠵᠢᠭᠠᠵᠦ ᠭᠠᠷᠭᠠᠭᠰᠠᠨ ᠨᠢ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠲᠦᠷᠢᠮ ᠤᠨ ᠢᠲᠡᠭᠡᠯ ᠢᠶᠡᠨ ᠪᠠᠲᠤᠳᠬᠠᠵᠤ ᠂ ᠶᠡᠷᠦᠩᠬᠡᠶ ᠱᠦᠵᠢ ᠰᠢ ᠶ᠋ᠢᠨ ᠫᠢᠩ ᠤᠨ ᠰᠢᠨ᠎ᠡ ᠴᠠᠭ ᠦᠶ᠎ᠡ ᠶ᠋ᠢᠨ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ‍ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠳᠣᠭᠣᠰᠢᠯᠠᠭᠣᠯᠬᠣ ᠬᠡᠷᠡᠭᠲᠡᠶ ᠃ ᠶᠡᠷᠦᠩᠬᠡᠶ ᠱᠦᠵᠢ ᠰᠢ ᠶ᠋ᠢᠨ ᠫᠢᠩ ᠤᠨ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠤᠨ ᠡᠷᠬᠢᠮ ᠨᠠᠨᠳᠢᠨ ᠲᠤᠷᠰᠢᠯᠭ᠎ᠠ ᠂ ᠰᠢᠨ᠎ᠡ ᠴᠠᠭ ᠦᠶ᠎ᠡ ᠳ᠋ᠤ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ‍ᠢ ᠴᠢᠩᠭᠠᠳᠬᠠᠨ ᠰᠠᠶᠢᠵᠢᠷᠠᠭᠤᠯᠬᠤ ᠶᠡᠷᠦᠩᠬᠡᠶ ᠱᠠᠭᠠᠷᠳᠠᠯᠭ᠎ᠠ ᠂ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠤᠨ ᠪᠠᠶᠢᠳᠠᠯ ᠡᠭᠦᠷᠭᠡ ᠶ᠋ᠢᠨ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠶ ᠣᠶᠢᠯᠠᠭᠠᠨ ᠣᠨᠣᠪᠴᠢᠲᠠᠶ ᠡᠵᠡᠮᠰᠢᠵᠦ ᠂ ᠲᠥᠪ ᠂ ᠣᠷᠣᠨ ᠂ ᠬᠣᠲᠠ ᠶ᠋ᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶ᠋ᠢ ᠭᠦᠨᠵᠡᠭᠡᠶ ᠳᠣᠭᠣᠰᠢᠯᠠᠭᠣᠯᠣᠨ ᠨᠠᠶᠢᠲᠠᠪᠤᠷᠢᠵᠢᠭᠤᠯᠵᠦ ᠂ ᠰᠢᠨ᠎ᠡ ᠴᠠᠭ ᠦᠶ᠎ᠡ ᠶ᠋ᠢᠨ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶ᠋ᠢᠨ ᠬᠠᠷᠢᠭᠤᠴᠠᠯᠭᠠᠲᠦ ᠰᠡᠳᠬᠢᠯᠭᠡ ᠪᠣᠯᠤᠨ ᠲᠡᠤᠬᠡ ᠶ᠋ᠢᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠠᠢ ᠭᠡᠵᠠᠢ ᠃

          ᠵᠠᠩ ᠬᠤᠸᠠ ᠴᠢᠬᠤᠯᠠᠴᠢᠯᠠᠭᠰᠠᠨ ᠨᠢ ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠤᠯᠤᠰ ᠲᠥᠷᠥ ᠶ᠋ᠢᠨ ᠵᠥᠪᠯᠡᠯᠭᠡᠨ ᠤ ᠡᠭᠦᠷᠭᠡ ᠴᠢᠳᠠᠪᠬᠢ ᠶ᠋ᠢᠨ ᠪᠠᠶᠢᠷᠢ ᠲᠣᠭᠲᠠᠭᠠᠯᠲᠠ ᠳ᠋ᠤ ᠰᠠᠭᠤᠷᠢᠯᠠᠨ ᠂ ᠰᠢᠨ᠎ᠡ ᠴᠠᠭ ᠦᠶ᠎ᠡ ᠶ᠋ᠢᠨ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠬᠦᠴᠦᠯᠡᠬᠦ ᠴᠡᠭ ᠢ ᠣᠨᠣᠪᠴᠢᠲᠠᠶ ᠡᠷᠢᠬᠦ ᠬᠡᠷᠡᠭᠲᠠᠢ ᠃ ᠤᠯᠤᠰ ᠲᠥᠷᠥ ᠶ᠋ᠢᠨ ᠵᠥᠪ ᠴᠢᠭᠯᠡᠯ ᠢᠶᠡᠨ ᠢᠮᠠᠭᠲᠠ ᠪᠠᠲᠤᠳᠬᠠᠵᠤ ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠬᠠᠷᠢᠯᠴᠠᠨ ᠨᠡᠪᠲᠡᠷᠡᠯᠴᠡᠭᠦᠯᠬᠦ ᠶ᠋ᠢ ᠠᠬᠢᠭᠤᠯᠵᠦ ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶ᠋ᠢᠨ ᠲᠠᠨᠢᠯᠲᠠ ᠶ᠋ᠢ ᠨᠢᠭᠲᠠᠷᠠᠭᠤᠯᠤᠨ ᠬᠣᠤᠰ ᠴᠢᠭᠯᠡᠯ ᠢᠶᠠᠷ ᠬᠦᠴᠦᠯᠡᠬᠦ ᠶ᠋ᠢ ᠠᠬᠢᠭᠤᠯᠵᠤ ᠂ ᠶᠡᠷᠦᠩᠬᠡᠶ ᠱᠦᠵᠢ ᠶ᠋ᠢᠨ ᠶᠠᠷᠢᠶᠠᠨ ᠤ ᠵᠣᠷᠢᠭ ᠰᠠᠨᠠᠭ᠎ᠠ ᠶ᠋ᠢ ᠳᠣᠭᠣᠰᠢᠯᠠᠭᠣᠯᠣᠨ ᠨᠠᠶᠢᠲᠠᠪᠤᠷᠢᠵᠢᠭᠤᠯᠬᠤ ᠳ᠋ᠤ ᠤᠯᠤᠰ ᠲᠦᠷᠦ ᠶ᠋ᠢᠨ ᠵᠥᠪᠯᠡᠯᠭᠡᠨ ᠤ ᠬᠤᠪᠢ ᠨᠡᠮᠡᠷᠢ ᠦᠵᠡᠭᠦᠯᠬᠦ ᠬᠡᠷᠡᠭᠲᠠᠢ ᠃ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠶ᠋ᠢᠨ ᠦᠢᠯᠡᠳᠤᠯ ‍ᠢ ᠦᠨᠡᠨᠬᠦ ᠪᠠᠳᠠᠷᠠᠭᠤᠯᠵᠤ ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳ᠋ᠤ ᠬᠦᠴᠦᠯᠡᠨ ᠦᠢᠯᠡᠴᠢᠯᠡᠵᠦ ᠂ ᠣᠨᠣᠪᠴᠢᠲᠠᠶ ᠠᠷᠭ᠎ᠠ ᠪᠤᠳᠤᠯᠭ᠎ᠠ ᠰᠦᠪᠡᠭᠴᠢᠯᠡᠵᠦ ᠂ ᠬᠥᠭᠵᠢᠯᠲᠡ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠵᠦ ᠂ ᠨᠠᠶᠢᠳᠠᠪᠤᠷᠢᠵᠢᠭᠤᠯᠬᠤ ᠬᠦᠴᠦᠨ ᠢ ᠭᠦᠢᠴᠡᠳᠭᠡᠵᠦ ᠂ ᠭᠣᠣᠯ ᠠᠵᠢᠯ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ ᠃ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠭᠦᠢᠴᠡᠳᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠠᠷᠠᠳ ᠤᠨ ᠲᠥᠯᠥᠭᠡ ᠰᠠᠨᠠᠭᠠᠰᠢᠷᠠᠵᠤ ᠠᠷᠠᠳ ᠤᠨ ᠬᠦᠴᠢᠷᠳᠡᠯ ᠢ ᠰᠢᠢᠳᠪᠦᠷᠢᠯᠡᠬᠦ ᠲᠣᠭᠲᠠᠴᠠ ᠶ᠋ᠢ ᠨᠠᠶᠢᠳᠠᠪᠤᠷᠢᠵᠢᠭᠤᠯᠵᠤ ᠂ ᠠᠷᠠᠳ ᠤᠨ ᠣᠶᠤᠨ ᠤᠬᠠᠭᠠᠨ ᠠᠷᠠᠳ ᠤᠨ ᠬᠦᠴᠦᠨ ᠢ ᠲᠥᠪᠯᠡᠷᠡᠭᠦᠯᠬᠦ ᠦᠢᠯᠡᠳᠦᠯ ᠢ ᠪᠠᠳᠠᠷᠠᠭᠤᠯᠵᠤ ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳ᠋ᠤ ᠦᠢᠯᠡᠴᠢᠯᠡᠬᠦ ᠳᠠᠪᠠᠭᠤᠯᠢᠭ ᠢ ᠨᠡᠶᠢᠭᠡᠮ ᠤᠨ ᠵᠠᠰᠠᠯᠲᠠ ᠶ᠋ᠢᠨ ᠦᠢᠯᠡᠳᠦᠯ ᠴᠢᠳᠠᠪᠤᠷᠢ ᠪᠣᠯᠭᠠᠨ ᠬᠦᠴᠦᠯᠡᠨ ᠬᠤᠪᠢᠷᠠᠭᠤᠯᠬᠤ ᠬᠡᠷᠡᠭᠲᠠᠢ ᠃ ᠬᠣᠰᠢᠭᠤᠨ ᠤ ᠤᠯᠤᠰ ᠲᠥᠷᠥ ᠶ᠋ᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠵᠤ ᠂ ᠤᠯᠤᠰ ᠲᠦᠷᠦ ᠶ᠋ᠢᠨ ᠡᠵᠡᠮᠳᠡᠬᠦ ᠴᠢᠳᠠᠪᠤᠷᠢ ᠂ ᠪᠠᠶᠢᠴᠠᠭᠠᠨ ᠰᠤᠳᠤᠯᠤᠯᠲᠠ ᠬᠢᠬᠦ ᠴᠢᠳᠠᠪᠤᠷᠢ ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ ᠂ ᠬᠠᠮᠲᠤᠷᠠᠨ ᠠᠵᠢᠯᠯᠠᠬᠤ ᠴᠢᠳᠠᠪᠤᠷᠢ ᠶ᠋ᠢ ᠬᠦᠴᠦᠯᠡᠨ ᠴᠢᠩᠭᠠᠳᠬᠠᠵᠤ ᠂ ᠰᠢᠨ᠎ᠡ ᠴᠠᠭ ᠦᠶ᠎ᠡ ᠶ᠋ᠢᠨ ᠠᠷᠠᠳ ᠤᠨ ᠤᠯᠤᠰ ᠲᠦᠷᠦ ᠶ᠋ᠢᠨ ᠵᠥᠪᠯᠡᠯᠭᠡᠨ ᠳ᠋ᠤ ᠲᠠᠯᠪᠢᠭᠰᠠᠨ ᠰᠢᠨ᠎ᠡ ᠱᠠᠭᠠᠷᠳᠠᠯᠭ᠎ᠠ ᠳ᠋ᠤ ᠨᠡᠩ ᠰᠠᠶᠢᠲᠤᠷ ᠵᠤᠬᠢᠴᠠᠭᠤᠯᠬᠤ ᠬᠡᠷᠡᠭᠲᠠᠢ ᠃ ᠤᠯᠤᠰ ᠲᠥᠷᠥ ᠶ᠋ᠢᠨ ᠵᠥᠪᠯᠡᠯᠭᠡᠨ ᠤ ᠪᠦᠬᠦ ᠭᠡᠰᠢᠭᠦᠳ ᠤᠯᠤᠰ ᠲᠥᠷᠥ ᠶ᠋ᠢᠨ ᠵᠥᠪᠯᠡᠯᠭᠡᠨ ᠤ ᠲᠠᠪᠴᠠᠩ ᠳᠡᠭᠡᠷ᠎ᠡ ᠰᠠᠨᠠᠭᠠᠴᠢᠯᠠᠭ᠎ᠠ ᠡᠴᠠ ᠪᠠᠨ ᠭᠣᠤᠯ ᠬᠦᠴᠦᠨ ᠪᠤᠯᠵᠦ ᠂ ᠭᠡᠰᠢᠭᠦᠳ ᠤᠨ ᠡᠭᠦᠷᠭᠡ ᠪᠠᠨ ᠨᠠᠷᠢᠨ ᠬᠢᠨᠠᠮᠠᠭᠠᠶ ᠬᠦᠢᠴᠡᠳᠭᠡᠵᠦ ᠂ ᠭᠣᠣᠯᠳᠠᠯᠭ᠎ᠠ ᠶ᠋ᠢᠨ ᠲᠣᠭᠣᠷᠢᠨ ᠳ᠋ᠤ ᠢᠳᠡᠪᠬᠢᠲᠡᠢ ᠰᠠᠨᠠᠯ ᠵᠥᠪᠯᠡᠯᠭᠡ ᠳᠤᠷᠠᠳᠴᠤ ᠂ ᠰᠠᠨᠠᠭᠠᠴᠢᠯᠠᠭ᠎ᠠ ᠡᠴᠠ ᠪᠠᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠂ ᠰᠢᠨ᠎ᠡ ᠴᠠᠭ ᠦᠶ᠎ᠡ ᠶ᠋ᠢᠨ ᠤᠯᠤᠰ ᠲᠦᠷᠦ ᠶ᠋ᠢᠨ ᠵᠥᠪᠯᠡᠯᠭᠡᠨ ᠤ ᠭᠡᠰᠢᠭᠦᠨ ᠤ ᠰᠢᠨ᠎ᠡ ᠴᠤᠭ ᠵᠢᠪᠬᠤᠭ᠎ᠠ ᠶ᠋ᠢ ᠢᠯᠡᠷᠡᠭᠦᠯᠬᠦ ᠬᠡᠷᠡᠭᠲᠠᠢ ᠭᠡᠵᠠᠢ ᠃

         ᠵᠠᠩ ᠬᠤᠸᠠ ᠵᠢᠭᠠᠵᠤ ᠭᠠᠷᠭᠠᠭᠰᠠᠨ ᠨᠢ ᠂ ᠲᠥᠪ ᠬᠣᠷᠢᠶᠠᠨ ᠤ ᠲᠣᠭᠲᠠᠭᠠᠯ ‍ᠢ ᠴᠢᠩᠭ᠎ᠠ ᠵᠢᠷᠤᠮᠯᠠᠨ ᠂ ᠤᠯᠤᠰ ᠲᠥᠷᠥ ᠶ᠋ᠢᠨ ᠵᠥᠪᠯᠡᠯᠭᠡᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠤᠶᠢᠯ ᠳ᠋ᠡᠭᠡᠨ ᠣᠷᠣᠭᠤᠯᠵᠤ ᠂ ᠠᠵᠢᠯ ᠳᠤᠮᠳᠠᠬᠢ ᠴᠢᠬᠤᠯᠠ ᠶᠡᠬᠡ ᠠᠰᠠᠭᠤᠳᠠᠯ ᠢ ᠴᠠᠭ ᠲᠤᠬᠠᠶ ᠳ᠋ᠤᠨᠢ ᠰᠤᠳᠤᠯᠤᠨ ᠰᠢᠢᠳᠪᠦᠷᠢᠯᠡᠵᠦ ᠂ ᠤᠯᠤᠰ ᠲᠦᠷᠦ ᠶ᠋ᠢᠨ ᠵᠥᠪᠯᠡᠯᠭᠡᠨ ᠤ ᠠᠵᠢᠯ ᠳ᠋ᠠᠬᠢ ᠨᠠᠮ ᠤᠨ ᠤᠳᠤᠷᠢᠳᠤᠯᠭ᠎ᠠ ᠶ᠋ᠢ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ ᠶ᠋ᠢ ᠨᠠᠷᠢᠯᠢᠭ ᠨᠠᠶᠢᠲᠠᠪᠤᠷᠢᠵᠢᠭᠤᠯᠬᠤ ᠬᠡᠷᠡᠭᠲᠠᠢ ᠃ ᠤᠯᠤᠰ ᠲᠥᠷᠥ ᠶ᠋ᠢᠨ ᠵᠥᠪᠯᠡᠯᠭᠡᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠰᠢᠨ᠎ᠡ ᠴᠠᠭ ᠦᠶ᠎ᠡ ᠶ᠋ᠢᠨ ᠨᠠᠮ ᠤᠨ ᠪᠠᠶᠢᠭᠤᠯᠤᠯᠲᠠ ᠶ᠋ᠢᠨ ᠶᠡᠷᠦᠩᠬᠡᠶ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ ᠂ ᠨᠠᠮ ᠤᠨ ᠤᠯᠤᠰ ᠲᠦᠷᠦ ᠶ᠋ᠢᠨ ᠪᠠᠶᠢᠭᠤᠯᠤᠯᠲᠠ ᠪᠠᠷ ᠨᠠᠮ ᠤᠨ ᠡᠯ᠎ᠡ ᠵᠤᠶᠢᠯ ᠤᠨ ᠪᠠᠶᠢᠭᠤᠯᠤᠯᠲᠠ ᠶ᠋ᠢ ᠶᠡᠷᠦᠩᠬᠡᠶᠢᠯᠡᠨ ᠵᠢᠯᠣᠭᠣᠳᠴᠤ ᠂ ᠨᠠᠮ ᠤᠨ ᠵᠣᠷᠢᠯᠲᠠ ᠶ᠋ᠢ ᠨᠡᠶ᠋ᠢᠭᠡᠮ ᠤᠨ ᠡᠯ᠎ᠡ ᠡᠲᠡᠭᠡᠳ ᠤᠨ ᠬᠠᠮᠲᠤ ᠶ᠋ᠢᠨ ᠲᠠᠨᠢᠯᠲᠠ ᠪᠣᠯᠭᠠᠨ ᠬᠤᠪᠢᠷᠠᠭᠤᠯᠬᠤ ᠬᠡᠷᠡᠭᠲᠠᠢ ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠣᠨᠣᠯ ᠢ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠳ᠋ᠤ ᠣᠷᠣᠭᠤᠯᠵᠤ ᠂ ᠠᠷᠠᠳ ᠤᠨ ᠤᠯᠤᠰ ᠲᠥᠷᠥ ᠶ᠋ᠢᠨ ᠵᠥᠪᠯᠡᠯᠭᠡᠨ ᠤ ᠤᠬᠠᠭᠤᠯᠭ᠎ᠠ ᠶ᠋ᠢ ᠨᠠᠮ ᠤᠨ ᠬᠣᠷᠢᠶᠠᠨ ᠤ ᠤᠬᠠᠭᠤᠯᠬᠤ ᠠᠵᠢᠯ ‍ᠤᠨ ᠶᠡᠷᠦᠩᠬᠡᠶ ᠲᠣᠬᠢᠷᠠᠭᠤᠯᠤᠯᠲᠠ ᠳ᠋ᠤ ᠤᠷᠤᠭᠤᠯᠵᠦ ᠂ ᠭᠡᠰᠢᠭᠦᠳ ᠤᠨ ᠰᠠᠨᠠᠯ ᠪᠠ ᠰᠠᠨᠠᠭᠤᠯᠭ᠎ᠠ ᠶ᠋ᠢ ᠢᠳᠡᠪᠬᠢᠲᠡᠢ ᠬᠦᠯᠢᠶᠡᠨ ᠠᠪᠴᠤ ᠂ ᠤᠯᠤᠰ ᠲᠦᠷᠦ ᠶ᠋ᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠤᠯᠤᠰ ᠲᠦᠷᠦ ᠶ᠋ᠢᠨ ᠵᠥᠪᠯᠡᠯᠭᠡᠨ ᠤ ᠭᠡᠰᠢᠭᠦᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠶ᠋ᠢ ᠶᠡᠬᠡ ᠪᠠᠷ ᠲᠡᠮᠵᠢᠵᠦ ᠂ ᠤᠯᠤᠰ ᠲᠦᠷᠦ ᠶ᠋ᠢᠨ ᠵᠥᠪᠯᠡᠯᠭᠡᠨ ᠤ ᠠᠵᠢᠯ ᠤᠨ ᠪᠠᠲᠤᠯᠠᠭ᠎ᠠ ᠶ᠋ᠢ ᠴᠢᠩᠭᠠᠳᠬᠠᠬᠤ ᠬᠡᠷᠡᠭᠲᠠᠢ ᠭᠡᠵᠠᠢ ᠃

         ᠬᠣᠰᠢᠭᠤᠨ ᠤ ᠨᠠᠮ ᠤᠨ ᠬᠣᠷᠢᠶᠠᠨ ᠤ ᠳᠡᠳ᠋ ᠱᠦᠵᠢ ᠂ ᠬᠣᠰᠢᠭᠤᠨ ᠳᠠᠷᠤᠭ᠎ᠠ ᠪᠦᠷᠢᠨ ᠬᠤᠷᠠᠯ ᠢ ᠡᠷᠭᠢᠯᠡᠭᠰᠡᠨ ᠪᠦᠭᠡᠳ ᠳ᠋ᠦᠩᠨᠡᠯᠲᠡ ᠶ᠋ᠢᠨ ᠶᠠᠷᠢᠶ᠎ᠠ ᠲᠠᠯᠪᠢᠵᠤ ᠂ ᠬᠣᠰᠢᠭᠤᠨ ᠤ ᠤᠯᠤᠰ ᠲᠥᠷᠥ ᠶ᠋ᠢᠨ ᠵᠥᠪᠯᠡᠯᠭᠡᠨ ᠤ ᠲᠡᠷᠢᠭᠦᠯᠡᠭᠴᠢ ᠯᠢ ᠢᠦᠶ ᠱᠠᠨ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠵᠠᠶ ᠃ ᠬᠣᠰᠢᠭᠤᠨ ᠤ ᠭᠠᠵᠠᠷ ᠤᠨ ᠲᠠᠰ ᠤᠨ ᠬᠠᠮᠢᠶ᠎ᠠ ᠪᠥᠬᠥᠶ ᠤᠳᠤᠷᠢᠳᠤᠯᠭ᠎ᠠ ᠬᠤᠷᠠᠯ ᠳ᠋ᠤ ᠣᠷᠣᠯᠴᠠᠵᠤ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠣᠤᠯ ᠬᠠᠷᠢᠭᠤᠴᠠᠯᠭᠠᠲᠠᠨ ᠪᠣᠯᠤᠨ ᠬᠤᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ᠤ  ᠪᠠᠶᠢᠩᠭᠤ ᠶ᠋ᠢᠨ ᠭᠡᠰᠢᠭᠦᠳ ᠬᠤᠷᠠᠯ ᠳ᠋ᠤ ᠣᠷᠣᠯᠴᠠᠵᠠᠶ ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ