ᠵᠠᠩ ᠬᠤᠸᠠ ᠬᠣᠰᠢᠭᠤᠨ ᠤ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ 2020 ᠣᠨ ‍ᠤ 28 ᠳ᠋ᠤᠭᠠᠷ ᠤᠳᠠᠭ᠎ᠠ ᠶ᠋ᠢᠨ ᠬᠤᠷᠠᠯ ᠢ ᠡᠷᠭᠢᠯᠡᠨ ᠬᠤᠷᠠᠯᠳᠣᠭᠣᠯᠣᠭᠰᠠᠨ

ᠣᠩᠰᠢᠭᠰᠠᠨ ᠤᠳᠠᠭ᠎ᠠ ᠄ 102     ᠨᠡᠶᠢᠳᠡᠯᠡᠭᠰᠡᠨ ᠴᠠᠭ ᠄ 2020/11/18 17:04:19

          11 ᠳ᠋ᠦ᠋ᠬᠡᠷ ᠰᠠᠷ᠎ᠠ ᠶ᠋ᠢᠨ 14 ᠤ ᠡᠳᠦᠷ ᠂ ᠬᠣᠲᠠ ᠶ᠋ᠢᠨ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶ᠋ᠢᠩᠭᠤ ᠶ᠋ᠢᠨ ᠬᠣᠷᠢᠶᠠᠨ ᠤ ᠳᠡᠳ᠋ ᠡᠷᠬᠢᠯᠡᠭᠴᠢ ᠂ ᠬᠣᠰᠢᠭᠤᠨ ᠤ ᠨᠠᠮ ᠤᠨ ᠬᠣᠷᠢᠶᠠᠨ ᠤ ᠱᠦᠵᠢ ᠵᠠᠩ ᠬᠤᠸᠠ ᠬᠣᠰᠢᠭᠤᠨ ᠤ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ 2020 ᠣᠨ ᠤ 28 ᠳ᠋ᠤᠭᠠᠷ ᠤᠳᠠᠭ᠎ᠠ ᠶ᠋ᠢᠨ ᠬᠤᠷᠠᠯ ᠢ ᠡᠷᠬᠢᠯᠡᠨ ᠬᠤᠷᠠᠯᠳᠤᠭᠤᠯᠬᠤ ᠳ᠋ᠥ ᠪᠠᠨ ᠴᠢᠬᠤᠯᠠᠴᠢᠯᠠᠭᠰᠠᠨ ᠨᠢ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠴᠠᠭ ᠢᠮᠠᠭᠲᠠ ᠴᠢᠩᠭ᠎ᠠ ᠠᠳᠬᠤᠵᠦ ᠂ ᠠᠰᠠᠭᠤᠳᠠᠯ ᠂ ᠬᠠᠷᠠᠯᠲᠠ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶ᠋ᠢ ᠢᠮᠠᠭᠲᠠ ᠪᠠᠷᠢᠮᠲᠠᠯᠠᠵᠤ ᠂ ᠡᠷᠴᠢ ᠵᠣᠷᠢᠭ ᠢᠶᠡᠨ ᠬᠥᠪᠴᠢᠯᠡᠨ ᠂ ᠪᠣᠭᠣᠮᠲᠠ ᠰᠢᠪᠲᠤᠯᠬᠤ ᠪᠠᠶᠢᠳᠠᠯ ᠢ ᠪᠠᠲᠤᠯᠠᠵᠤ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠤᠨ ᠡᠴᠦᠰ ᠤᠨ ᠢᠯᠠᠯᠲᠠ ᠶ᠋ᠢ ᠡᠷᠬᠡᠪᠰᠢ ᠤᠯᠬᠤ ᠬᠡᠷᠡᠭᠲᠡᠢ ᠭᠡᠵᠠᠢ ᠃

          ᠵᠠᠩ ᠬᠤᠸᠠ ᠴᠢᠬᠤᠯᠠᠴᠢᠯᠠᠭᠰᠠᠨ ᠨᠢ ᠂ ᠶᠡᠷᠦᠩᠬᠡᠶ ᠱᠦᠵᠢ ᠰᠢ ᠶ᠋ᠢᠨ ᠫᠢᠩ ᠤᠨ ᠶᠠᠳᠠᠭᠤ ᠶ᠋ᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠳᠣᠭᠣᠰᠢᠯᠠᠭᠣᠯᠵᠣ ᠂ 《 ᠬᠣᠶᠠᠷ ᠲᠤ ᠵᠣᠪᠠᠬᠤ ᠥᠬᠡᠶ ᠂ ᠭᠤᠷᠪᠠ ᠶ᠋ᠢ ᠪᠠᠲᠤᠯᠠᠬᠤ 》 ᠪᠠ ᠡᠯ᠎ᠡ ᠵᠤᠶᠢᠯ ᠤᠨ ᠲᠦ᠋ᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠶ᠋ᠢ ᠴᠢᠩᠭ᠎ᠠ ᠠᠩᠬᠠᠷᠴᠤ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶ᠋ᠢᠲᠠᠢ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠠᠢ ᠃ 2016 ᠣᠨ ᠡᠴᠠ ᠨᠠᠰᠢᠬᠢ ᠡᠯ᠎ᠡ ᠱᠠᠲᠤᠨ ᠤ ᠡᠯ᠎ᠡ ᠲᠥᠷᠥᠯ ᠤᠨ ᠬᠢᠨᠠᠨ ᠪᠠᠶᠢᠴᠠᠭᠠᠯᠲᠠ ᠂ ᠲᠣᠭᠣᠷᠢᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ ᠵᠠᠳᠠᠯᠵᠦ ᠂ ᠴᠡᠭᠴᠡᠯᠡᠨ ᠨᠠᠶᠢᠳᠠᠪᠤᠷᠢᠵᠢᠭᠤᠯᠬᠤ 《 ᠡᠷᠬᠢᠴᠡᠬᠦᠯᠦᠨ ᠦᠵᠡᠬᠦ 》 ᠶ᠋ᠢ ᠪᠠᠶᠢᠩᠭᠤᠵᠢᠭᠤᠯᠤᠨ ᠥᠷᠨᠢᠭᠦᠯᠵᠦ ᠂ ᠳᠣᠲᠠᠭᠳᠠᠯ ᠢᠶᠡᠨ ᠪᠠᠶᠢᠴᠠᠭᠠᠨ ᠨᠥᠬᠥᠪᠥᠷᠢᠯᠡᠵᠦ ᠂ ᠡᠩ ᠤᠨ ᠴᠢᠨᠠᠷᠲᠠᠢ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠂ ᠪᠠᠷᠢᠨ ᠮᠡᠳᠡᠵᠦ ᠪᠠᠷᠢᠨ ᠵᠠᠯᠠᠷᠠᠭᠤᠯᠵᠦ ᠂ ᠭᠣᠤᠯ ᠠᠰᠠᠭᠤᠳᠠᠯ ᠂ ᠲᠣᠪᠣᠶᠢᠮ᠎ᠠ ᠠᠰᠠᠭᠤᠳᠠᠯ ᠢ ᠳᠣᠭᠳᠠᠭᠰᠠᠨ ᠴᠠᠭ ᠲᠤ ᠴᠡᠭᠴᠡᠯᠡᠨ ᠰᠠᠶᠢᠵᠢᠷᠠᠭᠤᠯᠵᠤ ᠂ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠠᠢ ᠭᠡᠵᠠᠢ ᠃

           ᠵᠠᠩ ᠬᠤᠸᠠ ᠵᠢᠭᠠᠵᠤ ᠭᠠᠷᠭᠠᠭᠰᠠᠨ ᠨᠢ ᠂ ᠶᠠᠳᠠᠭᠤ ᠶ᠋ᠢ ᠲᠡᠳᠬᠦᠬᠦ ᠬᠦᠷᠢᠶᠡᠨ ᠳ᠋ᠠᠬᠢ ᠠᠶᠤᠯ ᠲᠦᠭᠰᠢᠭᠦᠷᠢ ᠶ᠋ᠢ  ᠪᠦᠳᠦᠮᠵᠢᠲᠠᠢ ᠰᠡᠷᠭᠡᠶᠢᠯᠡᠨ ᠠᠷᠢᠯᠭᠠᠵᠤ ᠂ ᠲᠥᠷᠥᠯ ᠵᠦᠢᠯ ᠤᠨ ᠪᠡᠯᠡ ᠮᠥᠩᠭᠥ ᠶ᠋ᠢᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠵᠤ ᠂ ᠪᠠᠷᠢᠯᠭ᠎ᠠ ᠶ᠋ᠢᠨ ᠶᠠᠰᠤ ᠴᠢᠨᠠᠷ ‍ᠢ ᠴᠢᠩᠭᠠᠳᠬᠠᠵᠤ ᠂ ᠲᠥᠷᠥᠯ ᠵᠤᠶᠢᠯ ᠲᠣᠭᠲᠠᠭᠠᠬᠤ ᠂ ᠰᠢᠯᠭᠠᠨ ᠠᠪᠬᠤ ᠂ ᠲᠥᠰᠦᠪ ᠤᠨ ᠭᠦᠢᠴᠡᠳᠭᠡᠯ ᠬᠢᠬᠦ ᠂ ᠰᠠᠯᠭᠠᠨ ᠦᠭᠬᠦ ᠵᠡᠷᠭᠡ ᠡᠯ᠎ᠡ ᠭᠣᠭᠴᠣᠭᠠᠨ ᠤ ᠠᠵᠢᠯ ᠢ ᠨᠠᠷᠢᠯᠢᠭ ᠪᠣᠳᠠᠲᠠᠶ ᠬᠢᠵᠦ ᠂ ᠡᠳ᠋ ᠬᠥᠷᠥᠩᠭᠡ ᠶ᠋ᠢᠨ ᠥᠷᠲᠡᠭ ᠂ ᠪᠡᠯᠡ ᠮᠥᠩᠭᠥ ᠶ᠋ᠢᠨ ᠠᠮᠤᠷ ᠲᠦᠪᠰᠢᠨ ᠢ ᠪᠠᠲᠤᠯᠠᠬᠤ ᠬᠡᠷᠡᠭᠲᠠᠢ ᠃ ᠮᠥᠩᠭᠥᠨ ᠬᠦᠢᠯᠬᠡᠬᠡ ᠪᠠᠷ ᠶᠠᠳᠠᠭᠤ ᠶ᠋ᠢ ᠲᠡᠳᠬᠦᠬᠦ 《 530 》 ‍ᠤᠨ ᠲᠥᠷᠥ ᠶ᠋ᠢᠨ ᠪᠣᠳᠣᠯᠭ᠎ᠠ ᠶ᠋ᠢ ᠬᠢᠨᠠᠮᠠᠭᠠᠶ ᠨᠠᠶᠢᠲᠠᠪᠤᠷᠢᠵᠢᠭᠤᠯᠵᠦ ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶ᠋ᠢᠨ ᠬᠤᠭᠤᠴᠠᠭ᠎ᠠ ᠬᠡᠲᠦᠷᠡᠭᠰᠡᠨ ᠲᠦᠭᠰᠢᠭᠦᠷᠢ ᠶ᠋ᠢ ᠡᠷᠲᠡᠬᠡᠨ ᠰᠡᠷᠭᠡᠶᠢᠯᠡᠨ ᠠᠷᠢᠯᠭᠠᠵᠤ ᠂ ᠮᠥᠩᠭᠥᠨ ᠬᠦᠢᠯᠬᠡᠬᠡ ᠪᠠᠷ ᠶᠠᠳᠠᠭᠤ ᠶ᠋ᠢ ᠲᠡᠳᠬᠦᠬᠦ 《 ᠴᠢᠰᠤ ᠪᠦᠲᠦᠭᠡᠬᠦ 》 ᠴᠢᠳᠠᠮᠵᠢ ᠶ᠋ᠢ ᠪᠦᠲᠦᠮᠵᠢᠲᠡᠶ ᠪᠠᠳᠠᠷᠠᠭᠤᠯᠬᠤ ᠬᠡᠷᠡᠭᠲᠠᠢ ᠃ 《 ᠭᠤᠷᠪᠠᠨ ᠲᠥᠷᠥᠯ ᠤᠨ ᠬᠥᠮᠦᠰ 》 ‍ᠢ ᠴᠢᠩᠭ᠎ᠠ ᠠᠩᠬᠠᠷᠴᠤ ᠂ ᠣᠷᠣᠯᠭ᠎ᠠ ᠭᠡᠨᠡᠳᠲᠡ ᠬᠠᠰᠤᠭᠳᠠᠵᠤ ᠵᠠᠷᠤᠯᠭ᠎ᠠ ᠭᠡᠨᠡᠳᠲᠡ ᠨᠡᠮᠡᠭᠳᠡᠭᠰᠡᠨ ᠡᠷᠦᠬᠡ ᠶ᠋ᠢ ᠭᠣᠤᠯᠳᠠᠯᠭ᠎ᠠ ᠲᠠᠢ ᠠᠩᠬᠠᠷᠴᠦ ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠬᠠᠪᠰᠤᠷᠤᠨ ᠳᠡᠳᠭᠦᠵᠦ ᠂ ᠳᠠᠬᠢᠨ ᠶᠠᠳᠠᠭᠤᠷᠠᠬᠤ ᠶ᠋ᠢ ᠰᠡᠷᠭᠡᠶᠢᠯᠡᠬᠦ ᠲᠣᠭᠲᠠᠴᠠ ᠶ᠋ᠢ ᠪᠠᠶᠢᠭᠤᠯᠵᠤ ᠂ ᠳᠠᠬᠢᠨ ᠶᠠᠳᠠᠭᠤᠷᠠᠬᠤ ᠲᠦᠭᠰᠢᠭᠦᠷᠢ ᠶ᠋ᠢ ᠪᠦᠲᠦᠮᠵᠢᠲᠡᠶ ᠰᠡᠷᠭᠡᠶᠢᠯᠡᠬᠦ ᠬᠡᠷᠡᠭᠲᠠᠢ ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠶᠠᠳᠠᠭᠤ ᠶ᠋ᠢ ᠲᠡᠳᠬᠦᠬᠦ ᠬᠦᠷᠢᠶᠡᠨ ᠳ᠋ᠠᠬᠢ ᠵᠠᠬᠢᠳᠠᠯ ᠰᠤᠷᠪᠤᠯᠵᠢᠯᠠᠭ᠎ᠠ ᠶ᠋ᠢᠨ ᠳᠠᠯᠳᠠ ᠭᠡᠮ ‍ᠢ ᠴᠠᠭ ᠲᠤᠬᠠᠶ ᠳ᠋ᠤᠨᠢ ᠵᠢᠭᠰᠠᠭᠠᠨ ᠪᠠᠶᠢᠴᠠᠭᠠᠵᠤ ᠂ ᠲᠣᠬᠢᠲᠠᠶ ᠰᠢᠢᠳᠪᠦᠷᠢᠯᠡᠬᠦ ᠬᠡᠷᠡᠭᠲᠡᠶ ᠭᠡᠵᠠᠢ ᠃

          ᠵᠠᠩ ᠬᠤᠸᠠ ᠴᠢᠬᠤᠯᠠᠴᠢᠯᠠᠭᠰᠠᠨ ᠨᠢ ᠂ ᠶᠠᠳᠠᠭᠤ ᠶ᠋ᠢ ᠲᠡᠳᠬᠦᠬᠦ ᠡᠯ᠎ᠡ ᠵᠦᠢᠯ ᠤᠨ ᠲᠥᠷᠥ ᠶ᠋ᠢᠨ ᠪᠣᠳᠣᠯᠭ᠎ᠠ ᠶ᠋ᠢᠨ ᠨᠠᠶᠢᠲᠠᠪᠤᠷᠢᠵᠢᠭᠤᠯᠤᠯᠲᠠ ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠭᠠᠵᠠᠷ ᠰᠢᠷᠣᠶ ᠶ᠋ᠢᠨ ᠥᠭᠡᠷᠡᠴᠢᠯᠡᠯᠲᠡ ᠶ᠋ᠢ ᠭᠦᠨᠵᠡᠭᠡᠶᠢᠷᠡᠭᠦᠯᠬᠦ ᠂ ᠲᠠᠷᠢᠮᠠᠯ ᠤᠨ ᠦᠢᠯᠡᠰ ᠤᠨ ᠪᠦᠲᠦᠴᠡ ᠶ᠋ᠢᠨ ᠲᠤᠬᠢᠷᠠᠭᠤᠯᠤᠯᠲᠠ ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠢᠴᠢ ᠰᠢᠨ᠎ᠡ ᠬᠡᠯᠪᠡᠷᠢ ᠶ᠋ᠢᠨ ᠡᠵᠡᠩᠨᠡᠯᠲᠡ ᠶ᠋ᠢᠨ ᠭᠤᠤᠯ ᠴᠣᠭᠴᠠ ᠶ᠋ᠢᠨ ᠠᠰᠢᠭ ᠲᠤᠰᠠ ᠶ᠋ᠢ ᠬᠣᠯᠪᠣᠬᠤ 《 ᠨᠠᠮ ᠤᠨ ᠡᠭᠦᠷ + ᠬᠣᠷᠰᠢᠶ᠎ᠠ + ᠶᠠᠳᠠᠭᠤ ᠬᠦᠴᠢᠷᠳᠡᠯᠲᠡᠶ ᠡᠷᠦᠬᠡ 》 ᠵᠡᠷᠭᠡ ᠬᠡᠯᠪᠡᠷᠢ ᠲᠠᠢ ᠨᠢᠭᠲᠠ ᠤᠶᠠᠯᠳᠤᠭᠤᠯᠤᠨ ᠂ ᠨᠠᠶᠢᠳᠠᠨ ᠬᠠᠮᠢᠶᠠᠷᠤᠭᠤᠯᠬᠤ ᠂ ᠨᠠᠶᠢᠳᠠᠨ ᠲᠡᠵᠢᠭᠡᠯᠭᠡᠬᠦ ᠂ ᠬᠠᠮᠲᠤᠷᠠᠯᠴᠠᠭᠠᠨ ᠤ ᠴᠢᠨᠠᠷᠲᠠᠶ ᠡᠵᠡᠩᠨᠡᠯᠲᠡ ᠪᠠᠷ ᠳᠠᠮᠵᠢᠭᠤᠯᠤᠨ ᠂ ᠬᠥᠳᠡᠯᠮᠦᠷᠢᠯᠡᠬᠦ ᠴᠢᠳᠠᠪᠤᠷᠢ ᠦᠭᠡᠢ ᠂ ᠬᠥᠳᠡᠯᠮᠦᠷᠢᠯᠡᠬᠦ ᠴᠢᠳᠠᠪᠤᠷᠢ ᠪᠠᠭᠤᠷᠠᠶ ᠶᠠᠳᠠᠭᠤ ᠬᠦᠴᠢᠷᠳᠡᠯᠲᠡᠶ ᠡᠷᠦᠬᠡ ᠶ᠋ᠢᠨ ᠠᠵᠤ ᠦᠢᠯᠡᠰ ᠤᠨ ᠬᠥᠭᠵᠢᠯᠲᠡ ᠶ᠋ᠢᠨ ᠦᠷᠭᠦᠯᠵᠢᠯᠡᠬᠦ ᠂ ᠲᠣᠭᠲᠠᠪᠤᠷᠢᠲᠠᠶ ᠠᠰᠢᠭ ᠣᠯᠵᠠᠪᠤᠷᠢ ᠲᠠᠢ ᠪᠠᠶᠢᠬᠤ ᠶ᠋ᠢ ᠭᠣᠤᠯᠳᠠᠯᠭ᠎ᠠ ᠲᠠᠢ ᠪᠠᠲᠤᠯᠠᠬᠤ ᠬᠡᠷᠡᠭᠲᠠᠢ ᠃ ᠡᠷᠡᠭᠦᠯ ᠮᠡᠨᠳᠦ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠠᠵᠢᠯ ᠢ ᠦᠨᠡᠨᠬᠦ ᠰᠠᠶᠢᠲᠤᠷ ᠬᠢᠵᠦ ᠂ ᠭᠠᠴᠠᠭ᠎ᠠ  ᠲᠤᠰᠬᠤᠨ ᠤ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶ᠋ᠢ ᠴᠢᠩᠭᠠᠳᠬᠠᠵᠦ ᠂ ᠤᠳᠠᠭᠠᠨ ᠴᠢᠨᠠᠷᠲᠠᠶ ᠡᠪᠡᠳᠴᠢᠨ ᠳ᠋ᠤ ᠡᠮᠴᠢ ᠬᠦᠷᠭᠡᠵᠦ ᠡᠮ ᠲᠣᠬᠢᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠬᠦᠨᠳᠦ ᠡᠪᠡᠳᠴᠢᠨ ᠳ᠋ᠤ ᠴᠢᠭᠯᠡᠭᠦᠯᠦᠭᠰᠡᠨ ᠳᠠᠬᠢᠨ ᠶᠠᠳᠠᠭᠤᠷᠠᠬᠤ ᠶ᠋ᠢ ᠰᠡᠷᠭᠡᠶᠢᠯᠡᠬᠦ ᠰᠠᠭᠤᠷᠢ ᠮᠥᠩᠭᠥ ᠶ᠋ᠢ ᠰᠦᠪᠡᠭᠴᠢᠯᠡᠨ ᠪᠠᠶᠢᠭᠤᠯᠬᠤ ᠬᠡᠷᠡᠭᠲᠠᠢ ᠃ ᠶᠠᠳᠠᠭᠤ ᠬᠦᠴᠢᠷᠳᠡᠯᠲᠡᠶ ᠡᠷᠦᠬᠡ ᠶ᠋ᠢᠨ ᠰᠤᠷᠤᠭᠴᠢᠳ ᠤᠨ ᠰᠤᠷᠭᠠᠭᠤᠯᠢ ᠳ᠋ᠤ ᠣᠷᠣᠵᠤ ᠠᠵᠢᠯ ᠣᠯᠬᠤ ᠶ᠋ᠢ ᠢᠳᠡᠪᠬᠢᠲᠡᠶ ᠵᠢᠯᠣᠭᠣᠳᠴᠤ ᠂ ᠠᠵᠢᠯ ᠮᠡᠷᠭᠡᠵᠢᠯ ᠤᠨ ᠴᠢᠳᠠᠪᠤᠷᠢ ᠶ᠋ᠢᠨ ᠪᠣᠯᠪᠠᠰᠤᠷᠠᠯ ᠢ ᠴᠢᠩᠭᠠᠳᠬᠠᠵᠦ ᠂ ᠠᠵᠢᠯ ᠤᠨ ᠪᠠᠶᠢᠷᠢ ᠶ᠋ᠢᠨ ᠲᠠᠨᠢᠯᠴᠠᠭᠤᠯᠭ᠎ᠠ ᠂ ᠵᠠᠯᠭᠠᠯᠲᠠ ᠦᠢᠯᠡᠴᠢᠯᠡᠭᠡ ᠶ᠋ᠢ ᠶᠡᠬᠡᠪᠡᠷ ᠦᠷᠨᠢᠭᠦᠯᠵᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠳ᠋ᠤ ᠲᠦᠰᠢᠭᠯᠡᠨ ᠠᠵᠢᠯ ᠣᠯᠭᠣᠬᠤ ᠠᠵᠢᠯ ᠤᠨ ᠪᠠᠶᠢᠷᠢ ᠶ᠋ᠢ ᠨᠡᠮᠡᠭᠳᠡᠭᠦᠯᠵᠦ ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠶ ᠶ᠋ᠢᠨ ᠭᠠᠵᠠᠷ ᠲᠤ ᠠᠵᠢᠯ ᠣᠯᠬᠤ ᠶ᠋ᠢ ᠬᠠᠷᠢᠯᠴᠠᠨ ᠤᠶᠠᠯᠳᠤᠭᠤᠯᠵᠤ ᠂ ᠠᠷᠠᠳ ᠢᠷᠭᠡᠳ ᠤᠨ ᠣᠷᠣᠯᠭ᠎ᠠ ᠶ᠋ᠢᠨ ᠠᠷᠭ᠎ᠠ ᠵᠠᠮ ᠢ ᠦᠷᠭᠡᠳᠭᠡᠬᠦ ᠬᠡᠷᠡᠭᠲᠠᠢ ᠃ ᠬᠡᠷᠡᠭᠯᠡᠭᠡ ᠪᠠᠷ ᠶᠠᠳᠠᠭᠤ ᠶ᠋ᠢ ᠲᠡᠳᠬᠦᠬᠦ ᠶ᠋ᠢ ᠪᠣᠳᠠᠲᠠᠶᠢᠵᠢᠭᠤᠯᠵᠤ ᠂ ᠵᠠᠬ᠎ᠠ ᠳᠡᠯᠭᠡᠭᠦᠷ ᠤᠨ ᠬᠡᠷᠡᠭᠴᠡᠭᠡ ᠶ᠋ᠢ ᠢᠳᠡᠪᠬᠢᠲᠠᠢ ᠵᠣᠯᠭᠠᠭᠤᠯᠵᠤ ᠂ ᠪᠣᠷᠣᠯᠠᠭᠤᠯᠬᠤ ᠠᠷᠭ᠎ᠠ ᠵᠠᠮ ‍ᠢ ᠬᠦᠴᠦᠯᠡᠨ ᠨᠡᠪᠲᠡᠷᠡᠭᠦᠯᠵᠦ ᠂ ᠦᠢᠯᠡᠳᠭᠦᠨ ᠤ ᠨᠡᠷᠡᠲᠦ ᠲᠡᠮᠳᠡᠭ ᠢ ᠪᠣᠶ ᠪᠣᠯᠭᠠᠵᠤ ᠂ ᠦᠢᠯᠡᠳᠭᠦᠨ ᠤ ᠶᠠᠰᠤ ᠴᠢᠨᠠᠷ ᠢ ᠪᠠᠲᠤᠯᠠᠵᠤ ᠂ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ ᠂ ᠲᠠᠷᠢᠶᠠᠴᠢᠨ ᠡᠷᠦᠬᠡ ᠶ᠋ᠢᠨ ᠠᠰᠢᠭ ᠲᠤᠰᠠ ᠶ᠋ᠢ  ᠪᠠᠲᠤᠯᠠᠵᠦ ᠂ ᠲᠠᠷᠢᠶᠠᠴᠢᠨ ᠡᠷᠦᠬᠡ ᠶ᠋ᠢᠨ ᠣᠷᠣᠯᠭ᠎ᠠ ᠶ᠋ᠢ ᠬᠠᠮᠤᠭ ᠤᠨ ᠶᠡᠬᠡ ᠪᠤᠯᠭᠠᠬᠤ ᠬᠡᠷᠡᠭᠲᠠᠢ ᠭᠡᠵᠠᠢ ᠃

         ᠵᠠᠩ ᠬᠤᠸᠠ ᠵᠢᠭᠠᠵᠦ ᠭᠠᠷᠭᠠᠭᠰᠠᠨ ᠨᠢ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠣᠯᠤᠨ ᠬᠥᠳᠡᠭᠡ ᠲᠣᠰᠬᠣᠨ ᠢ ᠬᠦᠭᠵᠢᠬᠦᠯᠵᠦ ᠮᠠᠨᠳᠤᠭᠤᠯᠬᠤ ᠶ᠋ᠢ ᠪᠦᠲᠦᠮᠵᠢᠲᠡᠢ ᠵᠣᠯᠭᠠᠭᠤᠯᠬᠤ ᠶ᠋ᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶ᠋ᠢᠨ ᠵᠣᠯᠭᠠᠯᠴᠠᠭ᠎ᠠ ᠶ᠋ᠢ ᠰᠠᠶᠢᠲᠤᠷ ᠬᠢᠵᠦ ᠂ 《 ᠭᠤᠷᠪᠠᠨ ᠱᠠᠲᠤᠨ ᠤ ᠱᠦᠵᠢ 》 ᠶ᠋ᠢᠨ ᠶᠠᠳᠠᠭᠤ ᠶ᠋ᠢ ᠲᠡᠳᠬᠦᠬᠦ ᠶ᠋ᠢ ᠠᠳᠬᠤᠬᠤ ᠂ ᠬᠦᠳᠡᠭᠡ ᠲᠣᠰᠬᠣᠨ ᠢ ᠬᠦᠭᠵᠢᠬᠦᠯᠵᠦ ᠮᠠᠨᠳᠤᠭᠤᠯᠬᠤ ᠶ᠋ᠢ ᠵᠣᠯᠭᠠᠭᠤᠯᠬᠤ ᠶ᠋ᠢ ᠦᠷᠭᠦᠯᠵᠢᠯᠡᠨ ᠠᠬᠢᠭᠤᠯᠵᠤ ᠂ ᠲᠣᠰᠬᠣᠨ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠬᠥᠮᠦᠵᠢᠯ ᠪᠣᠯᠪᠠᠰᠤᠷᠠᠯ ᠤᠨ ᠬᠠᠮᠢᠶᠠᠷᠤᠯᠲᠠ ᠶ᠋ᠢ ᠴᠢᠩᠭᠠᠳᠬᠠᠵᠤ ᠂ ᠲᠡᠳᠡᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠬᠥᠳᠡᠭᠡ ᠲᠣᠰᠬᠣᠨ ᠢ ᠬᠦᠭᠵᠢᠬᠦᠯᠵᠦ ᠮᠠᠨᠳᠤᠭᠤᠯᠬᠤ ᠳ᠋ᠤ ᠨᠡᠩ ᠶᠡᠬᠡ ᠵᠢᠳᠬᠦᠯ ᠴᠢᠷᠮᠠᠶᠢᠯᠭ᠎ᠠ ᠭᠠᠷᠭᠠᠬᠤ ᠶ᠋ᠢ ᠵᠤᠷᠢᠭᠵᠢᠭᠤᠯᠬᠤ ᠬᠡᠷᠡᠭᠲᠠᠢ ᠃ ᠠᠵᠤ ᠦᠢᠯᠡᠰ ᠤᠨ ᠵᠣᠯᠭᠠᠯᠴᠠᠭ᠎ᠠ ᠶ᠋ᠢ ᠰᠠᠶᠢᠲᠤᠷ ᠬᠢᠵᠦ ᠂ ᠭᠠᠵᠠᠷ ᠰᠢᠷᠣᠶ ᠶ᠋ᠢᠨ ᠥᠭᠡᠷᠡᠴᠢᠯᠡᠯᠲᠡ ᠶ᠋ᠢᠨ ᠦᠷ᠎ᠡ ᠪᠦᠲᠦᠭᠡᠯ ‍ᠢ ᠦᠷᠭᠦᠯᠵᠢᠯᠡᠨ ᠭᠦᠨᠵᠡᠭᠡᠶᠢᠷᠡᠭᠦᠯᠦᠨ ᠪᠡᠬᠢᠵᠢᠭᠦᠯᠵᠦ ᠂ ᠶᠠᠳᠠᠭᠤ ᠶ᠋ᠢ ᠲᠡᠳᠬᠦᠬᠦ ᠲᠥᠷᠥᠯ ᠵᠤᠶᠢᠯ ‍ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠦ ᠂ ᠲᠠᠷᠢᠶᠠᠯᠠᠩ ᠮᠠᠯ ᠠᠵᠤ ᠠᠬᠤᠢ ᠶ᠋ᠢᠨ ᠠᠵᠤ ᠦᠢᠯᠡᠰ ᠤᠨ ᠪᠦᠲᠦᠴᠡ ᠶ᠋ᠢ ᠶᠡᠬᠡᠪᠡᠷ ᠲᠤᠬᠢᠷᠠᠭᠤᠯᠤᠨ ᠰᠢᠯᠢᠳᠡᠭᠵᠢᠬᠦᠯᠬᠦ ᠬᠡᠷᠡᠭᠲᠡᠶ ᠃ ᠰᠣᠶᠣᠯ ᠤᠨ ᠵᠣᠯᠭᠠᠯᠴᠠᠭ᠎ᠠ ᠶ᠋ᠢ ᠰᠠᠶᠢᠲᠤᠷ ᠬᠢᠵᠦ ᠂ ᠰᠢᠨ᠎ᠡ ᠴᠠᠭ ᠦᠶ᠎ᠡ ᠶ᠋ᠢᠨ ᠪᠣᠯᠪᠠᠰᠤᠨ ᠤ ᠦᠢᠯᠡᠳᠦᠯᠭᠡ ᠶ᠋ᠢᠨ ᠠᠵᠢᠯ ᠢ ᠴᠢᠩᠭᠠᠳᠬᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠰᠠᠢᠨ ᠳᠤᠷ᠎ᠠ ᠶ᠋ᠢᠨ ᠦᠢᠯᠡᠴᠢᠯᠡᠭᠡ ᠶ᠋ᠢ ᠪᠠᠶᠢᠩᠭᠤᠵᠢᠭᠤᠯᠤᠨ ᠥᠷᠨᠢᠭᠦᠯᠵᠦ ᠂ ᠢᠳᠡᠪᠬᠢ ᠬᠦᠴᠦᠨ ᠢ ᠪᠠᠳᠠᠷᠠᠭᠤᠯᠬᠤ ᠬᠡᠷᠡᠭᠲᠠᠢ ᠃ ᠴᠢᠳᠠᠪᠤᠷᠢᠲᠠᠨ ᠢ ᠵᠣᠯᠭᠠᠭᠤᠯᠬᠤ ᠂ ᠠᠮᠢ ᠠᠬᠤᠢ ᠶ᠋ᠢ ᠵᠣᠯᠭᠠᠭᠤᠯᠬᠤ ᠶ᠋ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠶ᠋ᠢ ᠬᠥᠳᠡᠭᠡ ᠲᠣᠰᠬᠣᠨ ᠢ ᠬᠦᠭᠵᠢᠬᠦᠯᠵᠦ ᠮᠠᠨᠳᠤᠭᠤᠯᠬᠤ ᠲᠡᠰᠢ ᠴᠢᠨᠠᠷ ᠰᠠᠶᠢᠲᠠᠢ ᠵᠣᠯᠭᠠᠭᠤᠯᠬᠤ ᠶ᠋ᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠠᠢ ᠃
         ᠵᠠᠩ ᠬᠤᠸᠠ ᠴᠢᠬᠤᠯᠠᠴᠢᠯᠠᠭᠰᠠᠨ ᠨᠢ ᠂ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠠᠷᠢᠭᠤᠴᠠᠯᠭ᠎ᠠ ᠶ᠋ᠢᠨ ᠨᠠᠶᠢᠳᠠᠪᠤᠷᠢᠵᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠬᠣᠰᠢᠭᠤᠨ ᠤ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠡᠯ᠎ᠡ ᠲᠤᠰᠬᠠᠶ ᠳᠤᠭᠤᠶᠢᠯᠠᠩ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ ᠶ᠋ᠢᠨ ᠦᠢᠯᠡᠳᠦᠯ ᠢᠶᠡᠨ ᠭᠦᠢᠴᠡᠳ ᠪᠠᠳᠠᠷᠠᠭᠤᠯᠵᠦ ᠂ ᠡᠯ᠎ᠡ ᠲᠤᠰᠬᠠᠶ ᠠᠵᠢᠯ ᠤᠨ ᠳᠤᠭᠤᠶ᠋ᠢᠯᠠᠩ ᠲᠣᠬᠢᠷᠠᠭᠤᠯᠤᠯᠲᠠ ᠪᠠᠨ ᠴᠢᠩᠭ᠋ᠠᠳᠬᠠᠵᠤ ᠂ ᠪᠣᠳᠠᠳᠣ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠬᠦᠷᠢᠶ᠎ᠡ ᠲᠤᠰ ᠹᠷᠣᠨᠲ ᠤᠨ ᠶᠠᠳᠠᠭᠤ ᠶ᠋ᠢ ᠲᠡᠳᠬᠦᠬᠦ ᠠᠵᠢᠯ ᠢ ᠭᠣᠣᠯ ᠠᠵᠢᠯ ᠢᠶᠡᠨ ᠪᠣᠯᠭᠠᠵᠤ ᠂ ᠭᠣᠣᠯ ᠤᠶᠤᠨ ᠴᠢᠳᠠᠯ ᠢᠶᠡᠨ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠳ᠋ᠤ ᠣᠷᠣᠭᠤᠯᠬᠤ ᠬᠡᠷᠡᠭᠲᠡᠢ ᠃ ᠡᠯ᠎ᠡ ᠬᠢᠨᠠᠨ ᠵᠢᠯᠣᠭᠣᠳᠬᠤ ᠳᠤᠭᠤᠶᠢᠯᠠᠩ 《 ᠡᠷᠬᠢᠴᠡᠬᠦᠯᠦᠨ ᠦᠵᠡᠬᠦ 》 ᠶ᠋ᠢ ᠴᠠᠭ ᠲᠤᠬᠠᠶ ᠳ᠋ᠤᠨᠢ ᠥᠷᠨᠢᠭᠦᠯᠵᠦ ᠂ ᠴᠡᠭᠴᠡᠯᠡᠨ ᠰᠠᠶᠢᠵᠢᠷᠠᠭᠤᠯᠬᠤ ᠬᠦᠴᠦᠨ ᠲᠠᠢ ᠬᠤᠭᠤᠴᠠᠭ᠎ᠠ ᠶ᠋ᠢ ᠴᠢᠩᠭᠠᠷᠠᠭᠤᠯᠤᠨ ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶ᠋ᠢ ᠬᠢᠨᠠᠨ ᠪᠠᠶᠢᠴᠠᠭᠠᠵᠤ ᠂ ᠡᠯ᠎ᠡ ᠲᠥᠷᠥᠯ ᠤᠨ ᠠᠰᠠᠭᠤᠳᠠᠯ ᠢ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠶ ᠃ ᠰᠤᠮᠤ ᠰᠢᠶᠠᠩ ᠪᠠᠯᠭᠠᠰᠣ ᠲᠠᠯᠠᠪᠠᠶ ᠶ᠋ᠢᠨ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ ᠦᠨᠳᠦᠰᠦᠨ ᠱᠠᠲᠤᠨ ᠳ᠋ᠤ ᠪᠠᠭᠤᠵᠤ ᠠᠵᠢᠯ ᠦᠷᠨᠢᠭᠦᠯᠵᠦ ᠂ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠣᠯᠵᠤ ᠮᠡᠳᠡᠭᠰᠡᠨ ᠠᠰᠠᠭᠤᠳᠠᠯ ᠢᠶᠡᠨ ᠴᠠᠭ ᠳᠣᠬᠠᠢ ᠳ᠋ᠥ ᠨᠢ ᠬᠠᠯᠠᠨ ᠰᠠᠶᠢᠵᠢᠷᠠᠭᠤᠯᠵᠤ ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ 《 ᠪᠠᠴᠢᠮᠳᠠᠵᠦ ᠵᠤᠪᠠᠨᠢᠬᠤ 》 ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ ᠂ ᠡᠯ᠎ᠡ ᠦᠨᠳᠦᠰᠦᠲᠡᠨ ᠤ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠂ ᠬᠦᠷᠲᠡᠮᠵᠢ ᠶ᠋ᠢᠨ ᠲᠦᠷᠦᠭᠳᠡᠯ ᠢ ᠦᠨᠡᠨᠬᠦ ᠴᠢᠩᠭᠠᠳᠬᠠᠬᠤ ᠬᠡᠷᠡᠭᠲᠠᠢ ᠬᠡᠯ᠎ᠡ ᠃
          ᠬᠤᠷᠠᠯ ᠡᠴᠠ ᠬᠣᠰᠢᠭᠤᠨ ᠤ ᠶᠠᠳᠠᠭᠤ ᠡᠴᠠ ᠠᠩᠭᠢᠵᠢᠷᠠᠭᠤᠯᠬᠤ ᠪᠣᠭᠣᠮᠳᠠ ᠰᠢᠪᠳᠣᠯᠬᠣ ᠬᠢᠨᠠᠨ ᠵᠢᠯᠣᠭᠣᠳᠬᠤ ᠳᠤᠭᠤᠶᠢᠯᠠᠩ ᠵᠢᠴᠢ ᠶᠠᠳᠠᠭᠤ ᠶ᠋ᠢ ᠲᠡᠳᠬᠦᠬᠦ ᠲᠥᠷᠥᠯ ᠵᠤᠶᠢᠯ ‍ᠤᠨ ᠪᠠᠯᠠ ᠮᠥᠩᠭᠥ ᠶ᠋ᠢᠨ ᠲᠤᠰᠬᠠᠶ ᠬᠢᠨᠠᠨ ᠵᠢᠯᠣᠭᠣᠳᠬᠤ ᠳᠤᠭᠤᠶᠢᠯᠠᠩ ᠤᠨ ᠬᠢᠨᠠᠨ ᠵᠢᠯᠣᠭᠣᠳᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠬᠣᠰᠢᠭᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ ᠂ ᠠᠯᠪᠠᠨ ᠬᠡᠷ ᠤᠨ ᠡᠷᠬᠢᠯᠡᠭᠴᠢ ᠱᠢ ᠮᠢᠩ ᠰᠢᠶᠠᠨ ᠂ ᠬᠣᠰᠢᠭᠤᠨ ‍ᠤ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ ᠴᠢᠦ ᠵᠢᠶᠦ᠋ᠨ ᠶᠠᠳᠠᠭᠤ ᠡᠴᠠ ᠠᠩᠭᠢᠵᠢᠷᠠᠭᠤᠯᠬᠤ ᠪᠣᠭᠣᠮᠳᠠ ᠰᠢᠪᠳᠣᠯᠬᠣ ᠦᠷ᠎ᠡ ᠪᠦᠲᠦᠮᠵᠢ ᠶ᠋ᠢ ᠰᠢᠯᠭᠠᠨ ᠬᠢᠨᠠᠬᠤ ᠲᠤᠬᠠᠶ ᠳᠣᠬᠢᠷᠠᠭᠣᠯᠣᠯᠳᠠ ᠬᠢᠪᠠ ᠃ ᠬᠣᠰᠢᠭᠤᠨ ᠤ ᠤᠳᠤᠷᠢᠳᠤᠯᠭ᠎ᠠ ᠶᠢᠨ ᠵᠢᠶᠠᠨ ᠱᠧ ᠂ ᠯᠢᠦ ᠨᠢᠩ ᠂ ᠳᠠᠩ ᠳ᠋ᠢᠶᠠᠨ ᠺᠧ ᠂ ᠪᠦᠦ ᠯᠢᠶᠠᠨ ᠱᠠᠨ ᠂ ᠪᠠᠲᠤ ᠂ ᠯᠢᠦ ᠰᠢᠶᠠᠩ ᠬᠤᠸᠠ ᠂ ᠪᠦᠦ ᠴᠦᠨ ᠭᠤᠸᠠᠩ ᠂ ᠡᠤ ᠵᠢᠶᠦ᠋ᠨ ᠮᠢᠩ ᠬᠤᠷᠠᠯ ᠳ᠋ᠤ ᠰᠠᠭᠠᠳᠠᠵᠣ ᠂ ᠬᠣᠰᠢᠭᠤᠨ ᠤ ᠰᠢᠭᠤᠳ ᠬᠠᠷᠢᠶ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠡᠯ᠎ᠡ ᠰᠤᠮᠤ ᠰᠢᠶᠠᠩ ᠪᠠᠯᠭᠠᠰᠣ ᠲᠠᠯᠠᠪᠠᠶ ᠶ᠋ᠢᠨ ᠭᠣᠤᠯ ᠬᠠᠷᠢᠭᠤᠴᠠᠯᠭᠠᠲᠠᠨ ᠂ ᠬᠤᠪᠢᠳᠠᠨ ᠬᠠᠮᠢᠶᠠᠷᠴᠤ ᠪᠥᠬᠥᠶ ᠳᠡᠳ᠋ ᠲᠤᠰᠢᠶᠠᠯᠲᠠᠨ ᠪᠠ ᠶᠠᠳᠠᠭᠤ ᠡᠴᠠ ᠠᠩᠭᠢᠵᠢᠷᠠᠭᠤᠯᠬᠤ ᠪᠣᠭᠣᠮᠳᠠ ᠰᠢᠪᠳᠣᠯᠬᠣ ᠡᠯ᠎ᠡ ᠬᠢᠨᠠᠨ ᠵᠢᠯᠣᠭᠣᠳᠬᠤ ᠳᠤᠭᠤᠶᠢᠯᠠᠩ ᠤᠨ ᠪᠥᠬᠥ ᠬᠡᠰᠢᠬᠦᠨ ᠬᠤᠷᠠᠯ ᠳ᠋ᠤ ᠣᠷᠣᠯᠴᠠᠵᠠᠶ ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ