ᠮᠠᠨ ᠤ ᠬᠣᠰᠢᠭᠤᠨ ᠤ 2020 ᠣᠨ ᠤ ᠮᠠᠷᠠᠰᠤᠨ ᠤᠷᠤᠯᠳᠤᠭᠠᠨ ᠶᠠᠪᠤᠭᠳᠠᠭᠰᠠᠨ

ᠣᠩᠰᠢᠭᠰᠠᠨ ᠤᠳᠠᠭ᠎ᠠ ᠄ 109     ᠨᠡᠶᠢᠳᠡᠯᠡᠭᠰᠡᠨ ᠴᠠᠭ ᠄ 2020/11/18 17:55:20

          11 ᠳ᠋ᠦ᠋ᠬᠡᠷ ᠰᠠᠷ᠎ᠠ ᠶ᠋ᠢᠨ 14 ᠤ ᠡᠳᠦᠷ ᠂ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠭᠣᠤᠯᠯᠠᠨ ᠡᠷᠬᠢᠯᠡᠵᠦ ᠂ ᠬᠣᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶ᠋ᠢᠨ ᠠᠵᠢᠯ ᠤᠨ ᠵᠥᠪᠯᠡᠯ ᠂ ᠬᠣᠰᠢᠭᠤᠨ ᠤ ᠠᠵᠢᠯᠴᠢᠨ ᠤ ᠶᠡᠷᠦᠩᠬᠡᠶ ᠡᠪᠯᠡᠯ ᠳᠠᠭᠠᠭᠠᠴᠢᠯᠠᠨ ᠡᠷᠭᠢᠯᠡᠭᠰᠡᠨ 《 ᠬᠣᠰᠢᠭᠤᠨ ᠳᠠᠷᠤᠭ᠎ᠠ ᠬᠤᠨᠳᠠᠭᠠᠲᠤ 》 ᠨᠡᠶᠢᠭᠡᠮ ᠲᠣᠭᠣᠷᠢᠭ ᠤᠨ ᠬᠥᠯ ᠪᠥᠮᠪᠥᠭᠡ ᠶ᠋ᠢᠨ ᠬᠣᠯᠪᠣᠭᠠᠲᠤ ᠤᠷᠤᠯᠳᠤᠭᠠᠨ ᠂ ᠠᠷᠪᠠᠨ ᠺᠢᠯᠣᠮᠧᠲ᠋ᠷ ‍ᠤᠨ ᠮᠠᠷᠠᠰᠤᠨ ᠤᠷᠤᠯᠳᠤᠭᠠᠨ ᠰᠢᠨ᠎ᠡ ᠴᠠᠭ ᠦᠶ᠎ᠡ ᠶ᠋ᠢᠨ ᠪᠣᠯᠪᠠᠰᠤᠨ ᠤ ᠦᠢᠯᠡᠳᠦᠯᠭᠡ ᠶ᠋ᠢᠨ ᠲᠠᠯᠠᠪᠠᠶ ᠳ᠋ᠤ ᠶᠠᠪᠤᠭᠳᠠᠪᠠ ᠃ ᠬᠣᠰᠢᠭᠤᠨ ᠤ ᠨᠠᠮ ᠤᠨ ᠬᠣᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠣᠰᠢᠭᠤᠨ ᠳᠠᠷᠤᠭ᠎ᠠ ᠪᠦᠷᠢᠨ ᠪᠠᠶᠠᠷ ᠤᠨ ᠦᠭᠡ ᠶᠠᠷᠢᠵᠣ ᠂ ᠬᠣᠰᠢᠭᠤᠨ ‍ᠤ ᠠᠷᠠᠳ ‍ᠤᠨ ᠵᠠᠰᠠᠭ ᠤᠨ ᠣᠷᠳᠣᠨ ᠤ ᠳᠡᠳ᠋ ᠬᠣᠰᠢᠭᠤᠨ ᠳᠠᠷᠤᠭ᠎ᠠ ᠡᠤ ᠵᠢᠶᠦ᠋ᠨ ᠮᠢᠩ ᠶᠣᠰᠣᠯᠠᠯ ᠢ ᠡᠷᠬᠢᠯᠡᠭᠰᠡᠨ ᠪᠠᠶᠢᠨ᠎ᠠ ᠃

        ᠪᠦᠷᠢᠨ ᠵᠢᠭᠠᠵᠤ ᠭᠠᠷᠭᠠᠭᠰᠠᠨ ᠨᠢ ᠂ ᠬᠣᠰᠢᠭᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ ᠂ ᠶᠡᠬᠡ ᠡᠷᠡᠭᠦᠯ ᠮᠡᠨᠳᠦ ᠶ᠋ᠢᠨ ᠤᠬᠠᠮᠰᠠᠷ ᠢ ᠪᠠᠲᠤ ᠪᠣᠶ ᠪᠣᠯᠭᠠᠵᠤ ᠂ ᠣᠯᠠᠨ ᠲᠦᠮᠡᠨ ᠤ ᠪᠡᠶ᠎ᠡ ᠶ᠋ᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠂ ᠡᠯ᠎ᠡ ᠲᠥᠷᠥᠯ ᠤᠨ ᠪᠡᠯᠡ ᠮᠥᠩᠭᠥ ᠶ᠋ᠢ ᠢᠳᠡᠪᠬᠢᠲᠡᠶ ᠡᠮᠬᠢᠯᠡᠨ ᠨᠡᠶᠢᠯᠡᠭᠦᠯᠵᠦ ᠂ ᠪᠡᠯᠡ ᠣᠷᠣᠭᠤᠯᠤᠯᠲᠠ ᠶ᠋ᠢᠨ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ ᠂ ᠣᠯᠠᠨ ᠨᠡᠶᠢᠲᠡ ᠶ᠋ᠢᠨ ᠪᠡᠶ᠎ᠡ ᠶ᠋ᠢᠨ ᠲᠠᠮᠢᠷ ᠤᠨ ᠰᠠᠭᠤᠷᠢ ᠲᠥᠬᠥᠭᠡᠷᠦᠮᠵᠢ ᠶ᠋ᠢ ᠲᠡᠭᠦᠯᠳᠡᠷᠵᠢᠭᠦᠯᠵᠦ ᠂ ᠣᠯᠠᠨ ᠲᠦᠮᠡᠨ ᠤ ᠪᠡᠶ᠎ᠡ ᠶ᠋ᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶ᠋ᠢ ᠲᠡᠳᠬᠦᠨ ᠳᠡᠮᠵᠢᠵᠦ ᠂ ᠣᠯᠠᠨ ᠨᠡᠶᠢᠲᠡ ᠶ᠋ᠢᠨ ᠪᠡᠶ᠎ᠡ ᠶ᠋ᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶ᠋ᠢ ᠦᠷᠭᠡᠳᠭᠡᠭᠰᠡᠨ ᠡᠴᠠ ᠣᠯᠠᠨ ᠲᠦᠮᠡᠨ ᠤ ᠡᠷᠡᠭᠦᠯ ᠮᠡᠨᠳᠦ ᠶ᠋ᠢᠨ ᠵᠢᠭᠠᠯᠲᠠ ᠲᠣᠭ᠎ᠠ ᠪᠠ ᠵᠣᠯ ᠵᠢᠷᠭᠠᠯ ᠤᠨ ᠵᠢᠭᠠᠯᠲᠠ ᠲᠣᠭ᠎ᠠ ᠢᠯᠡᠳᠲᠡ ᠳᠡᠭᠡᠭᠰᠢᠯᠡᠭᠰᠡᠨ ᠪᠠᠶᠢᠨ᠎ᠠ ᠃ 2018 ᠣᠨ ᠳ᠋ᠤ ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶ᠋ᠢᠨ ᠲᠠᠮᠢᠷ ᠤᠨ ᠲᠣᠪᠴᠢᠶ᠎ᠠ ᠡᠴᠠ ᠮᠠᠨ ᠤ ᠬᠣᠰᠢᠭᠤ ᠶ᠋ᠢ ᠪᠦᠬᠦ ᠣᠷᠣᠨ ᠤ ᠪᠦᠬᠦ ᠠᠷᠠᠳ ᠢᠶ᠋ᠡᠷ ᠢᠶᠡᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠣᠰᠢᠭᠤ ᠪᠠᠷ ᠦᠨᠡᠯᠡᠭᠰᠡᠨ ᠪᠠᠶᠢᠨ᠎ᠠ ᠬᠡᠵᠡᠢ ᠃

          ᠪᠦᠷᠢᠨ ᠴᠢᠬᠤᠯᠠᠴᠢᠯᠠᠭᠰᠠᠨ ᠨᠢ ᠂ 《 ᠬᠣᠰᠢᠭᠤᠨ ᠳᠠᠷᠤᠭ᠎ᠠ ᠬᠤᠨᠳᠠᠭᠠᠲᠤ 》 ᠨᠡᠶᠢᠭᠡᠮ ᠲᠣᠭᠣᠷᠢᠭ ᠤᠨ ᠬᠥᠯ ᠪᠥᠮᠪᠥᠭᠡ ᠶ᠋ᠢᠨ ᠤᠷᠤᠯᠳᠤᠭᠠᠨ ᠪᠠ ᠠᠩᠬᠠᠳᠤᠭᠠᠷ ᠬᠤᠭᠤᠴᠠᠭᠠᠨ ᠤ 10 ᠺᠢᠯᠣᠮᠧᠲ᠋ᠷ ‍ᠤᠨ ᠮᠠᠷᠠᠰᠤᠨ ᠤᠷᠤᠯᠳᠤᠭᠠᠨ ᠢ ᠡᠷᠬᠢᠯᠡᠭᠰᠡᠨ ᠨᠢ ᠮᠠᠨ ᠤ ᠬᠣᠰᠢᠭᠤᠨ ᠤ ᠰᠢᠯᠢᠳᠡᠭ ᠰᠠᠶᠢᠨ ᠬᠥᠮᠦᠨ ᠰᠣᠶᠣᠯ ᠭᠠᠵᠠᠷ ᠵᠦᠢ ᠶ᠋ᠢᠨ ᠣᠷᠴᠢᠨ ᠲᠣᠭᠣᠷᠢᠨ ᠂ ᠠᠵᠤ ᠠᠬᠤᠶ ᠶ᠋ᠢᠨ ᠪᠡᠯᠡ ᠣᠷᠣᠭᠤᠯᠤᠯᠲᠠ ᠶ᠋ᠢᠨ ᠣᠷᠴᠢᠨ ᠲᠣᠭᠣᠷᠢᠨ ᠪᠠ ᠣᠯᠠᠨ ᠲᠦᠮᠡᠨ ᠤ ᠣᠶᠤᠨ ᠰᠠᠨᠠᠭᠠᠨ ᠤ ᠳᠦᠷᠢ ᠲᠥᠷᠬᠦ ᠶ᠋ᠢ ᠨᠡᠩ ᠭᠦᠢᠴᠡᠳ ᠢᠯᠡᠷᠡᠭᠦᠯᠵᠦ ᠂ ᠮᠠᠨ ᠤ ᠬᠣᠰᠢᠭᠤᠨ ᠤ 《 ᠬᠣᠶᠠᠷ ᠪᠣᠯᠪᠠᠰᠤᠨ 》 ᠤ ᠪᠠᠶᠢᠭᠤᠯᠤᠯᠲᠠ ᠶ᠋ᠢ ᠲᠦᠷᠭᠡᠳᠬᠡᠵᠦ ᠂ ᠥᠷᠭᠡᠨ ᠣᠯᠠᠨ ᠲᠦᠮᠡᠨ ᠤ ᠪᠡᠶ᠎ᠡ ᠴᠢᠬᠢᠷᠠᠭᠵᠢᠭᠤᠯᠬᠤ ᠤᠬᠠᠮᠰᠠᠷ ᠢ ᠳᠡᠭᠡᠭᠰᠢᠯᠡᠭᠦᠯᠵᠦ ᠂ ᠮᠠᠨ ᠤ ᠬᠣᠰᠢᠭᠤᠨ ᠤ ᠪᠦᠬᠦ ᠠᠷᠠᠳ ᠢᠶᠠᠷ ᠢᠶ᠋ᠡᠨ ᠪᠡᠶ᠎ᠡ ᠴᠢᠬᠢᠷᠠᠭᠵᠢᠭᠤᠯᠬᠤ ᠦᠢᠯᠡᠰ ᠤᠨ ᠲᠦᠷᠭᠡᠨ ᠬᠥᠭᠵᠢᠯᠲᠡ ᠶ᠋ᠢ ᠠᠬᠢᠭᠤᠯᠬᠤ ᠶ᠋ᠢᠨ ᠲᠦᠯᠦᠭᠡ ᠪᠠᠶᠢᠵᠣ ᠂ ᠲᠤᠰ ᠤᠳᠠᠭᠠᠨ ᠤ ᠠᠵᠢᠯᠯᠠᠭ᠎ᠠ ᠨᠢ ᠪᠦᠬᠦ ᠠᠷᠠᠳ ᠢᠶ᠋ᠡᠷ ᠢᠶ᠋ᠡᠨ ᠪᠡᠶ᠎ᠡ ᠴᠢᠭᠢᠷᠠᠭᠵᠢᠭᠤᠯᠬᠤ ᠶ᠋ᠢ ᠨᠢᠭᠡ ᠵᠦᠢᠯ ᠦᠨ ᠠᠮᠢᠳᠤᠷᠠᠯ ‍ᠤᠨ ᠠᠷᠭ᠎ᠠ ᠮᠠᠶᠢᠭ ᠪᠣᠯᠭᠠᠨ ᠂ ᠬᠣᠲᠠ ᠶ᠋ᠢ ᠨᠡᠩ ᠪᠣᠯᠪᠠᠰᠤᠨ ᠪᠣᠯᠭᠠᠵᠣ ᠂ ᠨᠠᠢᠮᠠᠨ ᠬᠣᠰᠢᠭᠤᠨ ᠤ ᠡᠯ᠎ᠡ ᠵᠦᠢᠯ ᠤᠨ ᠠᠵᠢᠯ ᠦᠢᠯᠡᠰ ᠦᠨ ᠨᠡᠩ ᠴᠢᠨᠠᠷ ᠰᠠᠶᠢᠲᠠᠢ ᠬᠥᠭᠵᠢᠯᠲᠡ ᠶ᠋ᠢ ᠠᠬᠢᠭᠤᠯᠬᠤ ᠶ᠋ᠢ ᠬᠦᠰᠡᠵᠦ ᠪᠠᠶᠢᠨ᠎ᠠ ᠬᠡᠵᠡᠢ ᠃

         ᠬᠣᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠳᠡᠳ᠋ ᠡᠷᠬᠢᠯᠡᠭᠴᠢ ᠪᠠᠢ ᠡᠷᠳᠡᠨᠢᠪᠠᠭᠠᠲᠤᠷ ᠶᠣᠰᠣᠯᠠᠯ ᠳ᠋ᠤ ᠣᠷᠣᠯᠴᠠᠵᠣ ᠂ ᠲᠤᠰ ᠤᠳᠠᠭᠠᠨ ᠤ ᠤᠷᠤᠯᠳᠤᠭᠠᠨ ᠳ᠋ᠤ 10 ᠺᠢᠯᠣᠮᠧᠲ᠋ᠷ ᠤᠨ ᠭᠦᠶᠦᠯᠲᠡ ᠶ᠋ᠢᠨ ᠤᠷᠤᠯᠳᠤᠭᠠᠨ ᠪᠠ ᠨᠡᠶᠢᠭᠡᠮ ᠲᠣᠭᠣᠷᠢᠭ ᠤᠨ ᠬᠥᠯ ᠪᠥᠮᠪᠥᠭᠡ ᠶ᠋ᠢᠨ ᠬᠣᠯᠪᠣᠭᠠᠲᠤ ᠤᠷᠤᠯᠳᠤᠭᠠᠨ ᠬᠣᠶᠠᠷ ᠲᠥᠷᠥᠯ ᠵᠦᠢᠯ ᠢ ᠲᠣᠬᠢᠷᠠᠭᠤᠯᠵᠠᠶ ᠃

ᠲᠤᠰ ᠤᠳᠠᠭᠠᠨ ᠤ ᠮᠠᠷᠠᠰᠤᠨ ᠤᠷᠤᠯᠳᠤᠭᠠᠨ ᠨᠢ ᠬᠣᠰᠢᠭᠤᠨ ᠤ ᠨᠠᠮ ᠤᠨ ᠬᠣᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠣᠰᠢᠭᠤᠨ ᠳᠠᠷᠤᠭ᠎ᠠ ᠪᠦᠷᠢᠨ ᠵᠡᠷᠭᠡ ᠤᠳᠤᠷᠢᠳᠤᠯᠭ᠎ᠠ ᠶ᠋ᠢᠨ ᠲᠣᠬᠢᠶᠠᠨ ᠫᠤᠤ ᠶ᠋ᠢᠨ ᠳᠠᠭᠤᠨ ᠢ ᠳᠠᠭᠠᠯᠳᠤᠨ ᠵᠢᠩᠭᠢᠨᠢ ᠪᠡᠷ ᠡᠬᠢᠯᠡᠵᠦ ᠂ ᠲᠤᠬᠠᠶ ᠶ᠋ᠢᠨ ᠲᠠᠯᠠᠪᠤᠷ ᠤᠨ ᠤᠷᠠᠢ ᠬᠠᠰᠭᠢᠷᠠᠬᠤ ᠳᠠᠭᠤᠨ ᠂ ᠪᠠᠶᠠᠷᠯᠠᠯᠳᠣᠬᠣ ᠳᠠᠭᠤᠨ ᠂  ᠠᠯᠠᠭ᠎ᠠ ᠲᠠᠰᠢᠯᠲᠠ ᠶ᠋ᠢᠨ ᠳᠠᠭᠤᠨ ᠨᠢᠭᠡᠨ ᠵᠡᠷᠭᠡ ᠰᠦᠯᠵᠢᠯᠳᠦᠵᠦ ᠣᠨᠴᠠ ᠶ᠋ᠢᠨ ᠬᠦᠷ ᠬᠦᠭᠵᠢᠶᠡᠨ ᠲᠠᠢ ᠪᠠᠶᠢᠯ᠎ᠠ ᠃

          ᠰᠢᠷᠦᠬᠦᠨ ᠲᠡᠮᠡᠴᠡᠭᠡᠨ ᠢᠶᠠᠷ ᠳᠠᠮᠵᠢᠨ ᠂ ᠡᠷᠡᠭᠲᠡᠶ ᠶ᠋ᠢᠨ ᠳᠤᠭᠤᠶᠢᠯᠠᠩ ᠤᠨ ᠵᠢᠶᠠ ᠶᠦᠨ ᠹᠦ᠋ 33 ᠮᠢᠨᠦ᠋ᠲ 46 ᠰᠧᠺᠦ᠋ᠨ᠋ᠳ᠋ ᠤᠨ ᠬᠢᠷᠢ ᠪᠦᠲᠦᠮᠵᠢ ᠪᠠᠷ ᠮᠠᠩᠯᠠᠶᠢᠯᠠᠵᠤ ᠂ ᠣᠷᠣᠯᠴᠠᠭᠴᠢ ᠫᠠᠨ ᠯᠢ ᠾᠦᠢ 33 ᠮᠢᠨᠦ᠋ᠲ 50 ᠰᠧᠺᠦ᠋ᠨ᠋ᠳ᠋ ‍ᠤᠨ ᠬᠢᠷᠢ ᠪᠦᠲᠦᠮᠵᠢ ᠪᠠᠷ ᠳᠡᠳ᠋ᠯᠡᠨ ᠂ ᠯᠢᠦ ᠮᠢᠩ ᠯᠢᠶᠠᠩ 34 ᠮᠢᠨᠦ᠋ᠲ 23 ᠰᠧᠺᠦ᠋ᠨ᠋ᠳ᠋ ‍ᠤᠨ ᠬᠢᠷᠢ ᠪᠦᠲᠦᠮᠵᠢ ᠪᠠᠷ ᠭᠣᠷᠪᠠᠳᠣᠭᠠᠷ ᠲᠤ ᠳᠣᠳᠣᠷᠠᠵᠣ ᠂ ᠡᠮᠡᠭᠲᠡᠶ ᠶ᠋ᠢᠨ ᠠᠷᠪᠠᠨ ᠺᠢᠯᠣᠮᠧᠲ᠋ᠷ ᠤᠨ ᠳᠤᠭᠤᠶᠢᠯᠠᠩ ᠦᠨ ᠭᠤᠸᠠᠨ ᠢᠦᠶ ᠶᠢᠩ 40 ᠮᠢᠨᠦ᠋ᠲ 39 ᠰᠧᠺᠦ᠋ᠨ᠋ᠳ᠋ ᠤᠨ ᠬᠢᠷᠢ ᠪᠦᠲᠦᠮᠵᠢ ᠪᠠᠷ ᠮᠠᠩᠯᠠᠶᠢᠯᠠᠵᠤ ᠂ ᠣᠷᠣᠯᠴᠠᠭᠴᠢ ᠲᠢᠶᠠᠨ ᠴᠦᠨ ᠮᠧᠶ ᠪᠣᠯᠤᠨ ᠯᠢᠦ ᠰᠢᠶᠣᠤ ᠶᠠᠨ ᠳᠣᠰᠪᠣᠷᠢ 40 ᠮᠢᠨᠦ᠋ᠲ 42 ᠰᠧᠺᠦ᠋ᠨ᠋ᠳ᠋ ᠪᠠ 42 ᠮᠢᠨᠦ᠋ᠲ 24 ᠰᠧᠺᠦ᠋ᠨ᠋ᠳ᠋ ᠦᠨ ᠬᠢᠷᠢ ᠪᠦᠲᠦᠮᠵᠢ ᠪᠡᠷ ᠬᠣᠶᠠᠷ ᠭᠣᠷᠪᠠᠳᠣᠭᠠᠷ ᠲᠤ ᠲᠣᠳᠣᠷᠠᠭᠰᠠᠨ ᠪᠠᠶᠢᠨ᠎ᠠ  ᠃

          ᠨᠠᠢᠮᠠᠨ ᠤ ᠠᠷᠠᠳ ᠤᠨ ᠭᠦᠶᠦᠯᠲᠡ ᠶ᠋ᠢᠨ ᠪᠦᠯᠬᠦᠮ ᠦᠨ ᠳᠠᠷᠤᠭ᠎ᠠ  ᠳ᠋ᠦ᠋ ᠯᠢ ᠾᠤᠶ᠋ᠢ ᠄ ᠲᠤᠰ ᠤᠳᠠᠭᠠᠨ ᠤ ᠤᠷᠤᠯᠳᠤᠭᠠᠨ ᠨᠢ ᠪᠢᠳᠡᠨ ᠳ᠋ᠤ ᠮᠠᠰᠢ ᠴᠢᠬᠤᠯᠠ ᠤᠳᠬ᠎ᠠ ᠠᠭᠤᠯᠭ᠎ᠠ ᠲᠠᠢ ᠪᠠᠶᠢᠵᠣ ᠂ ᠨᠠᠢᠮᠠᠨ ᠬᠣᠰᠢᠭᠤᠨ ᠤ ᠠᠩᠬᠠᠳᠤᠭᠠᠷ ᠬᠤᠭᠤᠴᠠᠭᠠᠨ ᠤ ᠮᠠᠷᠠᠰᠤᠨ ᠤᠷᠤᠯᠳᠤᠭᠠᠨ ᠪᠣᠯᠬᠣᠷ ᠪᠢᠳᠡ ᠪᠦᠷ ᠢᠳᠡᠪᠬᠢᠲᠡᠶ ᠣᠷᠤᠯᠴᠠᠵᠠᠢ ᠃ ᠡᠩ ᠤᠨ ᠦᠶ᠎ᠡ ᠳ᠋ᠤ ᠪᠢᠳᠡ ᠪᠠᠰᠠ ᠭᠠᠳᠠᠷ ᠮᠤᠵᠢ ᠬᠣᠲᠠ ᠳ᠋ᠤ ᠬᠦᠷᠴᠦ ᠮᠠᠰᠢ ᠣᠯᠠᠨ ᠤᠷᠤᠯᠳᠤᠭᠠᠨ ᠳ᠋ᠤ ᠣᠷᠤᠯᠴᠠᠳᠠᠭ ᠂ ᠪᠠᠰᠠ ᠨᠡᠯᠢᠶᠡᠳ ᠰᠠᠶᠢᠨ ᠬᠢᠷᠢ ᠪᠦᠲᠦᠮᠵᠢ ᠣᠯᠳᠠᠭ ᠃ ᠡᠨᠡ ᠤᠳᠠᠭᠠᠨ ᠤ ᠤᠷᠤᠯᠳᠤᠭᠠᠨ ᠤ ᠬᠢᠷᠢ ᠪᠦᠲᠦᠮᠵᠢ ᠨᠢ ᠮᠠᠨ ᠤ ᠠᠷᠠᠳ ᠤᠨ ᠳᠤᠮᠳᠠᠬᠢ ᠪᠦᠯᠬᠦᠮ ᠳ᠋ᠦ ᠠᠪᠴᠤ ᠬᠡᠯᠡᠪᠡᠯ ᠪᠠᠰᠠ ᠨᠡᠯᠢᠶᠡᠳ ᠰᠠᠶᠢᠨ ᠪᠠᠶᠢᠨ᠎ᠠ ᠃ ᠳᠠᠷᠠᠭ᠎ᠠ ᠵᠢᠯ ᠨᠡᠩ ᠰᠠᠶᠢᠨ ᠡᠷᠬᠢᠯᠡᠬᠦ ᠶ᠋ᠢ ᠬᠦᠰᠡᠵᠦ ᠪᠠᠶᠢᠨ᠎ᠠ ᠂ ᠪᠢᠳᠡ ᠪᠦᠷ ᠪᠦᠬᠦ ᠠᠷᠠᠳ ᠢᠶ᠋ᠡᠷ ᠢᠶ᠋ᠡᠨ ᠪᠡᠶ᠎ᠡ ᠴᠢᠬᠢᠷᠠᠭᠵᠢᠭᠣᠯᠵᠣ ᠂ ᠪᠦᠬᠦ ᠠᠷᠠᠳ ᠢᠶ᠋ᠡᠷ ᠢᠶᠡᠨ ᠡᠷᠡᠭᠦᠯ ᠮᠡᠨᠳᠦ ᠪᠠᠶᠢᠬᠤ ᠪᠠᠷ ᠵᠣᠷᠢᠯᠭ᠎ᠠ ᠪᠣᠯᠭᠠᠨ ᠤᠷᠤᠯᠳᠤᠭᠠᠨ ᠳ᠋ᠤ ᠣᠷᠣᠯᠴᠠᠨ᠎ᠠ ᠃

ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ