ᠬᠣᠰᠢᠭᠤᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠬᠠᠭᠤᠯᠤᠨ ᠲᠠᠶᠢᠯᠪᠤᠷᠢᠯᠠᠬᠤ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 122     ᠨᠡᠶᠢᠳᠡᠯᠡᠭᠰᠡᠨ ᠴᠠᠭ ᠄ 2020/11/18 18:03:23

         ᠨᠠᠮ ᠤᠨ ᠲᠥᠪ ᠬᠣᠷᠢᠶ᠎ᠠ ᠶ᠋ᠢᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠬᠠᠭᠤᠯᠤᠨ ᠲᠠᠶᠢᠯᠪᠤᠷᠢᠯᠠᠬᠤ ᠲᠤᠬᠠᠢ ᠱᠠᠭᠠᠷᠳᠠᠯᠭ᠎ᠠ ᠶ᠋ᠢ ᠳᠣᠭᠣᠰᠢᠯᠠᠭᠣᠯᠣᠨ ᠨᠠᠶᠢᠳᠠᠪᠤᠷᠢᠵᠢᠭᠤᠯᠬᠤ ᠶ᠋ᠢᠨ ᠲᠥᠯᠥᠭᠡ ᠂ 11 ᠳ᠋ᠦ᠋ᠬᠡᠷ ᠰᠠᠷ᠎ᠠ ᠶ᠋ᠢᠨ 13 ᠤ ᠡᠳᠦᠷ ᠂ ᠬᠣᠰᠢᠭᠤᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠬᠠᠭᠤᠯᠤᠨ ᠲᠠᠶᠢᠯᠪᠤᠷᠢᠯᠠᠬᠤ ᠬᠤᠷᠠᠯ ᠶᠠᠪᠣᠭᠳᠠᠭᠣᠯᠵᠣ ᠂ ᠬᠣᠰᠢᠭᠤᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠯᠢ ᠶᠠᠨ ᠾᠤᠶᠢ ᠬᠤᠷᠠᠯ ᠳ᠋ᠤ ᠰᠠᠭᠠᠳᠠᠬᠣ ᠶ᠋ᠢᠨ ᠬᠠᠮᠳᠣ ᠤᠬᠠᠭᠤᠯᠤᠨ ᠳᠠᠶᠢᠯᠪᠣᠷᠢᠯᠠᠯᠳᠠ ᠬᠢᠪᠡ ᠃

         ᠯᠢ ᠶᠠᠨ ᠾᠤᠶᠢ ᠡᠴᠠ ᠰᠢᠨ᠎ᠡ ᠬᠥᠭᠵᠢᠯᠲᠡ ᠶ᠋ᠢᠨ ᠱᠠᠲᠤᠨ ᠤ ᠴᠢᠬᠤᠯᠠ ᠠᠴᠢ ᠬᠣᠯᠪᠣᠭᠳᠠᠯ ᠂ ᠠᠰᠢᠭᠲᠠᠶ ᠨᠥᠬᠥᠴᠡᠯ ᠪᠣᠯᠤᠨ ᠴᠢᠬᠤᠯᠠ ᠣᠨᠴᠠᠯᠢᠭ ᠲᠠᠢ ᠤᠶᠠᠯᠳᠤᠭᠤᠯᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠤᠨ ᠤ ᠠᠯᠤᠰ ᠤᠨ ᠬᠠᠷᠠᠯᠲᠠ ᠶ᠋ᠢᠨ ᠰᠠᠨᠠᠭᠤᠯᠭ᠎ᠠ ᠶ᠋ᠢ ᠪᠦᠬᠦ ᠲᠠᠯ᠎ᠠ ᠪᠠᠷ ᠳᠠᠶᠢᠯᠪᠣᠷᠢᠯᠠᠵᠣ ᠂ ᠰᠢᠨ᠎ᠡ ᠬᠥᠭᠵᠢᠯᠲᠡ ᠶ᠋ᠢᠨ ᠱᠠᠲᠤ ᠦᠶ᠎ᠡ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠤᠨ ᠂ ᠰᠢᠨ᠎ᠡ ᠬᠥᠭᠵᠢᠯᠲᠡ ᠶ᠋ᠢᠨ ᠪᠠᠶᠢᠷᠢᠰᠢᠯ ‍ᠤᠨ ᠲᠣᠭᠣᠷᠢᠨ ᠳ᠋ᠤ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠢᠰᠲ᠋ᠧᠮ ᠲᠠᠢ ᠤᠬᠠᠭᠤᠯᠤᠨ ᠳᠠᠶᠢᠯᠪᠣᠷᠢᠯᠠᠵᠣ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ ᠃ ᠯᠢ ᠶᠠᠨ ᠾᠦᠢ ᠡᠴᠠ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶ᠋ᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠭᠣᠤᠯ ᠬᠠᠷᠠᠯᠲᠠ ᠪᠠ 2035 ᠣᠨ ᠤ ᠠᠯᠤᠰ ᠤᠨ ᠬᠠᠷᠠᠯᠲᠠ ᠪᠣᠯ ᠠᠭᠤᠤ ᠶᠡᠬᠡ ᠪᠥᠭᠡᠳ ᠪᠣᠳᠠᠲᠠᠶ ᠶ᠋ᠢ ᠡᠷᠬᠢᠮᠯᠡᠬᠦ ᠬᠠᠷᠠᠯᠲᠠ ᠪᠠᠶᠢᠵᠣ ᠂ ᠠᠷᠠᠳ ᠲᠦᠮᠡᠨ ᠢᠶᠠᠷ ᠭᠣᠤᠯ ᠪᠣᠯᠭᠠᠭᠰᠠᠨ ᠬᠥᠭᠵᠢᠯᠲᠡ ᠶ᠋ᠢᠨ ᠦᠵᠡᠯ ᠰᠠᠨᠠᠭ᠎ᠠ ᠪᠣᠯᠤᠨ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠤᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶ᠋ᠢ ᠠᠬᠢᠭᠤᠯᠬᠤ ᠰᠢᠨᠵᠢᠯᠡᠬᠦ ᠤᠬᠠᠭᠠᠨᠴᠢ ᠵᠢᠯᠣᠭᠣᠳᠬᠤ ᠴᠢᠭᠯᠡᠯᠲᠡ ᠂ ᠨᠡᠶ᠋ᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳ᠋ᠤ ᠡᠷᠬᠡᠪᠰᠢ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠨᠠᠮ ᠤᠨ ᠪᠦᠬᠦ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠬᠤ ᠬᠡᠷᠡᠭᠲᠡᠶ ᠬᠡᠵᠡᠢ ᠃

         ᠯᠢ ᠶᠠᠨ ᠾᠤᠶᠢ ᠴᠢᠬᠤᠯᠠᠴᠢᠯᠠᠭᠰᠠᠨ ᠨᠢ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠪᠣᠯ ᠮᠠᠨ ᠤ ᠨᠠᠮ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠠᠮᠵᠢᠯᠲᠠ ᠪᠦᠲᠦᠮᠵᠢ ᠣᠯᠵᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠭᠡᠵᠦ ᠪᠠᠶ᠋ᠢᠭ᠎ᠠ ᠴᠢᠬᠤᠯᠠ ᠲᠡᠦᠬᠡᠨ ᠴᠠᠭ ᠮᠥᠴᠡ ᠳ᠋ᠤ ᠬᠤᠷᠠᠯᠳᠤᠭᠰᠠᠨ ᠨᠢᠭᠡ ᠤᠳᠠᠭᠠᠨ ᠤ ᠮᠠᠰᠢ ᠴᠢᠬᠤᠯᠠ ᠬᠤᠷᠠᠯ ᠪᠠᠶᠢᠵᠣ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠂ ᠳᠣᠭᠣᠰᠢᠯᠠᠭᠣᠯᠣᠨ ᠨᠠᠶᠢᠳᠠᠪᠤᠷᠢᠵᠢᠭᠤᠯᠬᠤ ᠠᠵᠢᠯ ᠪᠣᠯ ᠣᠳᠣᠬᠠᠨ ᠪᠠ ᠬᠣᠶ᠋ᠢᠰᠢᠳᠠ ᠶ᠋ᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶ᠋ᠢᠨ ᠡᠭᠦᠷᠭᠡ ᠪᠣᠯᠣᠨ᠎ᠠ ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠳᠣᠭᠣᠰᠢᠯᠠᠭᠣᠯᠬᠣ ᠤᠯᠤᠰ ᠲᠦᠷᠦ ᠶ᠋ᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠡᠨ ᠦᠨᠡᠨᠬᠦ ᠴᠢᠩᠭᠠᠳᠬᠠᠵᠣ ᠂ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠤᠢᠯᠠᠭᠠᠨ ᠣᠨᠣᠪᠴᠢᠲᠠᠶ ᠡᠵᠡᠮᠰᠢᠵᠦ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠣᠷᠢᠶᠠᠨ ᠤ ᠰᠢᠢᠳᠪᠦᠷᠢᠳᠦ ᠳᠣᠬᠢᠷᠠᠭᠣᠯᠣᠯᠳᠠ ᠲᠠᠢ ᠦᠨᠡᠨ ᠬᠦ ᠨᠢᠭᠡᠳᠬᠡᠬᠦ ᠬᠡᠷᠡᠭᠲᠡᠶ ᠬᠡᠵᠡᠢ ᠃
         ᠯᠢ ᠶᠠᠨ ᠾᠤᠶᠢ ᠱᠠᠭᠠᠷᠳᠠᠭᠰᠠᠨ ᠨᠢ ᠂ ᠤᠬᠠᠭᠤᠯᠬᠤ ᠹᠷᠣᠨᠲ ᠤᠨ ᠠᠵᠢᠯᠲᠠᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠴᠢᠬᠤᠯᠠ ᠶᠡᠬᠡ ᠠᠴᠢ ᠬᠣᠯᠪᠣᠭᠳᠠᠯ ᠢ ᠭᠦᠨᠵᠡᠭᠡᠶ ᠲᠠᠨᠢᠵᠤ ᠂ ᠡᠯ᠎ᠡ ᠵᠤᠶᠢᠯ ᠤᠨ ᠤᠬᠠᠭᠤᠯᠬᠤ ᠵᠢᠭᠰᠠᠭᠠᠯ ᠤᠨ ᠭᠠᠵᠠᠷ ᠪᠣᠯᠤᠨ ᠠᠴᠢᠶᠠᠯᠠᠪᠤᠷᠢ ᠶ᠋ᠢ ᠢᠳᠡᠪᠬᠢᠲᠡᠶ ᠠᠰᠢᠭᠯᠠᠵᠤ ᠂ ᠣᠯᠠᠨ ᠶᠠᠩᠵᠤ ᠶ᠋ᠢᠨ ᠬᠡᠯᠪᠡᠷᠢ ᠪᠦᠬᠦᠢ ᠭᠣᠣᠯ ᠰᠡᠳᠦᠪᠲᠦ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠦᠯᠵᠦ ᠂ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠳᠣᠭᠣᠰᠢᠯᠠᠭᠣᠯᠣᠨ ᠨᠠᠶᠢᠳᠠᠪᠤᠷᠢᠵᠢᠭᠤᠯᠵᠤ ᠂ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠬᠤ ᠶ᠋ᠢ ᠨᠠᠮ ᠤᠨ ᠤᠨᠤᠯ ᠢᠶᠠᠷ ᠵᠡᠪᠰᠡᠭᠯᠡᠬᠦ ᠠᠵᠢᠯ ᠤᠨ ᠨᠢᠭᠡᠨ ᠴᠢᠬᠤᠯᠠ ᠶᠡᠬᠡ ᠡᠭᠦᠷᠭᠡ ᠪᠣᠯᠭᠠᠬᠣ ᠬᠡᠷᠡᠭᠳᠡᠢ ᠬᠡᠵᠡᠢ ᠃
        ᠬᠣᠰᠢᠭᠤᠨ ᠤ ᠬᠠᠮ ᠵᠠᠭᠤᠴᠢᠯᠠᠭᠤᠷ ᠤᠨ ᠲᠥᠪ ᠂ ᠤᠬᠠᠭᠤᠯᠬᠤ ᠬᠡᠯᠲᠡᠰ ᠂ ᠰᠣᠨᠢᠨ ᠮᠡᠳᠡᠭᠡᠨ ᠤ ᠠᠵᠢᠯᠲᠠᠳ ‍ᠤᠨ ᠨᠡᠶᠢᠭᠡᠮᠯᠢᠭ ᠤᠨ ᠠᠵᠢᠯᠲᠠᠨ ᠂ ᠰᠤᠮᠤ ᠰᠢᠶᠠᠩ ᠪᠠᠯᠭᠠᠰᠣ ᠲᠠᠯᠠᠪᠠᠶ ᠵᠡᠭᠡᠯᠢ ᠭᠤᠳᠤᠮᠵᠢ ᠪᠠ ᠬᠣᠰᠢᠭᠤᠨ ᠤ ᠰᠢᠭᠤᠳ ᠬᠠᠷᠢᠶ᠎ᠠ ᠨᠢᠭᠡᠴᠡ ᠶ᠋ᠢᠨ ᠤᠬᠠᠭᠤᠯᠬᠤ ᠠᠵᠢᠯᠲᠠᠨ ᠂ ᠴᠢᠮᠡᠭᠡᠯᠡᠭᠴᠢ ᠵᠢᠴᠢ ᠣᠨᠴᠠ ᠤᠷᠢᠭᠰᠠᠨ ᠰᠤᠷᠪᠤᠯᠵᠢᠯᠠᠭᠴᠢ ᠲᠣᠰ ᠣᠳᠠᠭᠠᠨ ᠤ  ᠬᠤᠷᠠᠯ ᠳ᠋ᠤ ᠣᠷᠣᠯᠴᠠᠵᠠᠶ ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ