2021 ᠣᠨ ᠳᠤ ᠨᠠᠶᠮᠠᠨ ᠬᠤᠰᠢᠭᠤ 75 ᠬᠢᠵᠠᠭᠠᠷ ᠲᠤᠭ᠎ᠠ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ ᠲᠦᠯᠦᠪᠯᠡᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 422.05 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ

ᠣᠩᠰᠢᠭᠰᠠᠨ ᠤᠳᠠᠭ᠎ᠠ ᠄ 154     ᠨᠡᠶᠢᠳᠡᠯᠡᠭᠰᠡᠨ ᠴᠠᠭ ᠄ 2021/1/11 11:04:59

          2021 ᠣᠨ ᠳᠤ ᠪᠥᠬᠦ ᠬᠤᠰᠢᠭᠤᠨ ᠳᠤ 75 ᠬᠢᠵᠠᠭᠠᠷ ᠲᠤᠭ᠎ᠠ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ ᠲᠦᠯᠦᠪᠯᠡᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 422.05 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 61.35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠬᠤᠪᠢᠶᠠᠪᠠᠯ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 40 ᠪᠠᠶᠢᠵᠤ᠂ 17.83 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠦᠷᠭᠦᠯᠵᠢᠯᠡᠨ ᠪᠠᠶᠢᠭᠤᠯᠬᠤ 35 ᠲᠥᠷᠥᠯ ᠵᠦᠢᠯ ᠳᠤ 43.52 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠣᠢ᠃ ᠪᠡᠯᠡ ᠮᠥᠩᠭᠦᠨ ᠤ ᠢᠷᠡᠯᠲᠡ ᠪᠠᠷ ᠬᠤᠪᠢᠶᠠᠪᠠᠯ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ ᠲᠥᠷᠥᠯ ᠵᠦᠢᠯ 29 ᠪᠠᠶᠢᠵᠤ᠂ ᠵᠢᠯ ᠤᠨ ᠳᠣᠲᠣᠷ᠎ᠠ 13.38 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ 46 ᠪᠠᠶᠢᠵᠤ᠂ 2021 ᠣᠨ ᠳᠤ 47.97 ᠳ᠋ᠦᠩᠰᠢᠭᠤᠷ ᠲᠥᠭᠦᠷᠢᠭ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠭᠰᠡᠨ ᠪᠠᠶᠢᠳᠠᠯ ᠠᠴᠠ ᠦᠵᠡᠪᠡᠯ᠂ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠲᠥᠯᠥᠪᠵᠢᠭᠦᠯᠭᠡ ᠬᠢᠵᠦ ᠭᠠᠵᠠᠷ ᠰᠣᠩᠭᠤᠬᠤ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ᠂ ᠣᠷᠴᠢᠨ ᠲᠣᠭᠤᠷᠢᠨ ᠢ ᠦᠨᠡᠯᠡᠬᠦ ᠵᠢᠴᠢ ᠦᠨᠡᠯᠡᠨ ᠳᠣᠭᠳᠠᠭᠠᠵᠣ ᠪᠣᠯᠬᠤ ᠭᠠᠷᠳᠠᠮ ᠢ ᠪᠦᠬᠦᠨ ᠢ ᠭᠦᠶᠴᠡᠳᠬᠡᠵᠦ ᠳᠠᠭᠤᠰᠣᠭᠰᠠᠨ 45 ᠲᠦᠷᠦᠯ ᠵᠦᠢᠯ᠂ ᠬᠡᠰᠡᠭ ᠬᠦᠢᠴᠡᠳᠭᠡᠵᠦ ᠳᠠᠭᠤᠰᠣᠭᠰᠠᠨ ᠲᠥᠷᠥᠯ ᠵᠦᠶᠯ 18 ᠪᠠᠶᠢᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ ᠪᠠᠷ ᠪᠠᠶᠢᠭ᠎ᠠ ᠲᠥᠷᠥᠯ ᠵᠦᠶᠯ 12 ᠪᠠᠶᠢᠨ᠎ᠠ᠃

ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ