ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠰᠢᠨ᠎ᠡ ᠪᠠᠭᠤᠷᠢ ᠳᠤ ᠨᠡᠭᠦᠭᠰᠡᠨ
ᠣᠩᠰᠢᠭᠰᠠᠨ ᠤᠳᠠᠭ᠎ᠠ ᠄ 148 ᠨᠡᠶᠢᠳᠡᠯᠡᠭᠰᠡᠨ ᠴᠠᠭ ᠄ 2021/1/11 11:06:37
1 ᠳ᠋ᠤᠬᠡᠷ ᠰᠠᠷ᠎ᠠ ᠶᠢᠨ 9 ᠤ ᠡᠳᠦᠷ᠂ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠰᠢᠨ᠎ᠡ ᠪᠠᠭᠤᠷᠢ ᠳᠤ ᠨᠡᠭᠦᠵᠦ᠂ ᠮᠠᠨ ᠤ ᠬᠤᠰᠢᠭᠤᠨ ᠤ ᠵᠠᠭᠤᠴᠢᠯᠠᠭᠤᠷ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠵᠤ᠂ ᠬᠠᠮ ᠵᠠᠭᠤᠴᠢᠯᠠᠭᠤᠷ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠰᠢᠨ᠎ᠡ ᠴᠠᠭ ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃
ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠶᠠᠨ ᠾᠦᠢ ᠬᠠᠮ ᠵᠠᠭᠤᠴᠢᠯᠠᠭᠤᠷ ᠤᠨ ᠲᠥᠪ ᠤᠨ ᠰᠢᠨ᠎ᠡ ᠪᠠᠭᠤᠷᠢ ᠳᠤ ᠨᠡᠭᠦᠭᠰᠡᠨ ᠳᠤ ᠪᠠᠶᠠᠷ ᠬᠦᠷᠬᠡᠬᠦ ᠶᠢᠨ ᠬᠠᠮᠳᠣ ᠵᠢᠭᠠᠵᠤ ᠭᠠᠷᠭᠠᠭᠰᠠᠨ ᠨᠢ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠦᠲᠦᠭᠡᠨ ᠪᠠᠶᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠳᠣᠬᠢᠷᠠᠭᠤᠯᠣᠯᠳᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ᠂ ᠭᠤᠣᠯ ᠬᠥᠭ ᠠᠶᠠᠰ ᠢ ᠬᠠᠩᠭᠢᠨᠠᠭᠤᠯᠤᠨ ᠴᠤᠤᠷᠢᠶᠠᠲᠤᠭᠤᠯᠵᠤ᠂ ᠵᠥᠪ ᠬᠦᠴᠦᠨ ᠢ ᠪᠤᠵᠠᠭᠠᠢᠷᠠᠭᠤᠯᠤᠨ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠬᠦᠴᠦᠷᠬᠡᠭᠵᠢᠭᠦᠯᠬᠦ ᠴᠢᠬᠤᠯᠠ ᠠᠷᠭ᠎ᠠ ᠵᠠᠮ ᠪᠣᠯᠣᠨ᠎ᠠ᠃ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠭᠰᠠᠨ ᠠᠴᠠ ᠨᠠᠰᠢ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠣᠯᠠᠨ ᠲᠠᠪᠴᠠᠩ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠠᠮᠢᠵᠢᠷᠠᠯ ᠪᠢᠯᠬᠠᠭᠰᠠᠨ ᠨᠠᠢᠮᠠᠨ ᠲᠠᠪᠴᠠᠩ ᠢ ᠰᠦᠯᠵᠢᠶᠡᠨ ᠳᠤ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠦᠢᠯᠡᠳᠪᠦᠷᠢᠯᠡᠯ ᠤᠨ ᠶᠠᠪᠤᠴᠠ᠂ ᠪᠠᠶᠢᠭᠤᠯᠤᠮᠵᠢ ᠲᠣᠭᠲᠠᠴᠠ᠂ ᠴᠢᠳᠠᠪᠤᠷᠢᠲᠠᠨ ᠤ ᠡᠬᠢ ᠪᠠᠶᠠᠯᠢᠭ ᠵᠡᠷᠭᠡ ᠲᠠᠯ᠎ᠠ ᠶᠢᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠮᠡᠷᠭᠡᠵᠢᠯ ᠤᠨ ᠲᠤᠯᠭᠠᠭᠤᠷᠢᠯᠠᠯ ᠪᠠ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠵᠣᠬᠢᠴᠠᠩᠭᠤᠢ ᠠᠬᠢᠭᠤᠯᠤᠨ᠂ ᠨᠢᠭᠡ ᠴᠤᠭᠴᠠᠵᠢᠭᠤᠯᠤᠨ ᠬᠥᠭᠵᠢᠭᠦᠯᠵᠦ᠂ 《ᠨᠢᠭᠡ ᠴᠣᠭᠴᠠ ᠪᠠᠷ ᠲᠦᠰᠦᠪᠯᠡᠨ᠂ ᠨᠢᠭᠡ ᠤᠳᠠᠭ᠎ᠠ ᠳᠤ ᠴᠣᠭᠯᠠᠭᠤᠯᠵᠣ᠂ ᠲᠦᠷᠦᠯ ᠬᠤᠪᠢᠶᠠᠨ ᠪᠣᠯᠪᠠᠰᠤᠷᠠᠭᠤᠯᠵᠣ᠂ ᠤᠯᠠᠨ ᠡᠰᠢᠵᠢᠬᠦᠯᠦᠨ ᠪᠤᠢ ᠪᠣᠯᠭᠠᠵᠣ᠂ ᠤᠯᠠᠨ ᠠᠷᠭ᠎ᠠ ᠵᠠᠮ ᠢᠶᠠᠷ ᠳᠠᠮᠵᠢᠭᠤᠯᠬᠤ》 ᠶᠢ ᠪᠡᠶᠡᠯᠡᠭᠦᠯᠵᠦ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠵᠢᠯᠣᠭᠤᠳᠬᠤ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃ ᠰᠢᠨ᠎ᠡ ᠪᠠᠷ ᠪᠠᠶᠢᠭᠤᠯᠤᠭᠰᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠯᠪᠠᠨ ᠠᠰᠠᠷ ᠪᠣᠯ ᠬᠠᠮ ᠵᠠᠭᠤᠴᠢᠯᠠᠭᠤᠷ ᠤᠨ ᠪᠥᠲᠥᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠪᠠ ᠠᠴᠢᠶᠠᠯᠠᠪᠤᠷᠢ ᠪᠠᠶᠢᠵᠣ᠂ ᠡᠨᠡ ᠨᠢ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠠᠭᠤᠰᠣᠯᠳᠣᠨ ᠬᠥᠭᠵᠢᠬᠦ ᠶᠢ ᠬᠦᠴᠦᠲᠡᠶ ᠠᠬᠢᠭᠤᠯᠵᠤ ᠪᠠᠳᠣᠳᠠᠢ ᠠᠯᠬᠤᠮ ᠢ ᠠᠯᠬᠤᠭᠰᠠᠨ ᠢ ᠬᠠᠷᠠᠭᠤᠯᠵᠣ᠂ ᠪᠦᠬᠦᠨ ᠢ ᠪᠠᠶᠢᠭᠤᠯᠵᠣ ᠳᠠᠭᠤᠰᠣᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠴᠢᠨᠠᠭᠰᠢᠯᠠᠪᠠᠯ ᠪᠥᠬᠦ ᠤᠯᠤᠰ ᠤᠨ ᠲᠡᠷᠢᠭᠦᠨ ᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠪᠣᠯᠬᠤ ᠪᠣᠯᠤᠨ᠎ᠠ ᠬᠡᠵᠡᠢ᠃
ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠨᠢ ᠪᠥᠬᠦ ᠬᠤᠰᠢᠭᠤᠨ ᠤ ᠷᠠᠳᠢᠣ᠋ ᠨᠡᠪᠲᠡᠷᠡᠭᠦᠯᠭᠡ᠂ ᠰᠣᠨᠢᠨ᠂ ᠲᠧᠯᠸᠢᠰ᠂ ᠸᠢᠴᠠᠲ᠂ ᠰᠦᠯᠵᠢᠶᠡᠨ ᠥᠷᠲᠡᠭᠡ ᠵᠡᠷᠭᠡ ᠲᠠᠪᠴᠠᠩ ᠢ ᠨᠢᠭᠡᠳᠬᠡᠭᠰᠡᠨ ᠰᠠᠭᠤᠷᠢᠨ ᠳᠡᠭᠡᠷ᠎ᠡ᠂ 《ᠰᠣᠨᠢᠨ ᠮᠡᠳᠡᠭᠡ + ᠵᠠᠰᠠᠭ ᠤᠨ ᠶᠠᠪᠤᠳᠠᠯ + ᠦᠢᠯᠡᠴᠢᠯᠡᠭᠡ》 ᠶᠢᠨ ᠠᠵᠢᠯᠯᠠᠭᠠᠨ ᠤ ᠵᠠᠭᠪᠤᠷ ᠢ ᠰᠦᠪᠡᠭᠴᠢᠯᠡᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠠᠭᠤᠯᠭ᠎ᠠ᠂ ᠠᠷᠭ᠎ᠠ ᠵᠠᠮ᠂ ᠲᠠᠪᠴᠠᠩ᠂ ᠡᠵᠡᠩᠨᠡᠯᠲᠡ᠂ ᠬᠠᠮᠢᠶᠠᠷᠤᠯᠲᠠ ᠵᠡᠷᠭᠡ ᠲᠠᠯ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠣᠰᠤᠭ᠎ᠠ ᠴᠣᠭᠴᠠᠲᠤ᠂ ᠥᠷᠭᠡᠨ ᠪᠦᠷᠬᠦᠴᠡ ᠲᠠᠢ᠂ ᠦᠷ᠎ᠡ ᠪᠦᠲᠦᠮᠵᠢ ᠪᠠᠷ ᠴᠢᠩᠭ᠎ᠠ ᠳᠠᠮᠵᠢᠭᠤᠯᠭ᠎ᠠ ᠶᠢᠨ ᠪᠠᠶᠢᠷᠢᠰᠢᠯ ᠢ ᠪᠣᠶ ᠪᠤᠯᠭᠠᠨ᠂ ᠦᠵᠡᠯ ᠰᠠᠨᠠᠭ᠎ᠠ ᠰᠣᠶᠣᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ ᠪᠠ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠨ᠎ᠠ᠃