ᠨᠠᠢᠮᠠᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠬᠤᠷᠠᠯ ᠬᠤᠷᠠᠯᠲᠤᠭᠤᠯᠤᠭᠰᠠᠨ
ᠣᠩᠰᠢᠭᠰᠠᠨ ᠤᠳᠠᠭ᠎ᠠ ᠄ 109
ᠨᠡᠶᠢᠳᠡᠯᠡᠭᠰᠡᠨ ᠴᠠᠭ ᠄ 2021/1/13 16:41:08
1
ᠳ᠋ᠤᠬᠡᠷ ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂
ᠬᠤᠰᠢᠭᠤᠨ ᠳᠠᠷᠤᠭ᠎ᠠ ᠪᠦᠷᠢᠨ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠬᠤᠷᠠᠯ ᠢ ᠡᠷᠭᠢᠯᠡᠨ
ᠬᠤᠷᠠᠯᠳᠤᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ
ᠰᠦᠨ ᠾᠥᠩ ᡁᠢ᠂ ᠴᠢᠦ ᠵᠢᠶᠦ᠋ᠨ᠂ ᠵᠠᠩ ᠾᠥᠩ ᠪᠢᠩ ᠬᠤᠷᠠᠯ ᠳᠤ ᠣᠷᠣᠯᠴᠠᠵᠠᠶ᠃
ᠬᠤᠷᠠᠯ ᠠᠴᠠ
ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ
ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠲᠧᠯᠸᠢᠰ ᠳ᠋ᠢᠶᠠᠩᠬᠤᠸᠠ ᠬᠤᠷᠠᠯ ᠤᠨ
ᠱᠠᠭᠠᠷᠳᠠᠯᠭ᠎ᠠ ᠶᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠣᠳᠣᠬᠠᠨ ᠤ
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ
ᠵᠠᠷᠯᠠᠨ ᠮᠡᠳᠡᠭᠳᠡᠬᠦ ᠶᠢᠨ ᠬᠠᠮᠲᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ
ᠰᠡᠷᠭᠡᠶᠢᠯᠡᠨ ᠡᠵᠡᠮᠳᠡᠬᠦ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ᠂ ᠨᠡᠶᠢᠭᠡᠮ ᠤᠨ
ᠬᠠᠮᠢᠶᠠᠷᠤᠨ ᠡᠵᠡᠮᠳᠡᠬᠦ ᠪᠠ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠳᠤ ᠳᠠᠬᠢᠨ
ᠱᠠᠭᠠᠷᠳᠠᠯᠭ᠎ᠠ᠂ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠬᠢᠪᠠ᠃
ᠪᠦᠷᠢᠨ
ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠳᠡᠭᠡᠳᠦ ᠱᠠᠲᠤᠨ ᠤ ᠠᠵᠢᠯ ᠤᠨ
ᠱᠠᠭᠠᠷᠳᠠᠯᠭ᠎ᠠ ᠶᠢ ᠡᠷᠡᠰ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠠᠬᠢᠯᠡᠯᠲᠡ ᠶᠢ
ᠴᠢᠩᠭ᠎ᠠ ᠰᠠᠬᠢᠬᠤ᠂ ᠴᠢᠩᠭ᠎ᠠ ᠰᠡᠷᠭᠡᠶᠢᠯᠡᠨ ᠡᠵᠡᠮᠳᠡᠬᠦ ᠲᠠᠶᠢᠨ ᠤ ᠦᠶ᠎ᠡ ᠶᠢᠨ ᠪᠠᠶᠢᠳᠠᠯ ᠢ
ᠢᠮᠠᠭᠲᠠ ᠪᠠᠲᠤᠯᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ
ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ
ᠠᠵᠢᠯ ᠤᠨ ᠢᠯᠠᠯᠲᠠ ᠶᠢ ᠡᠷᠬᠡᠪᠰᠢ ᠤᠯᠬᠤ ᠬᠡᠷᠡᠭᠲᠡᠢ ᠬᠡᠵᠠᠢ᠃
ᠪᠦᠷᠢᠨ
ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ
ᠳᠡᠭᠡᠭᠰᠢᠯᠡᠭᠦᠯᠵᠦ᠂ ᠠᠵᠢᠯ ᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠳᠡᠭᠡᠳᠦ ᠱᠠᠲᠤᠨ ᠤ
ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ
ᠬᠢᠨᠠᠮᠠᠭᠠᠢ ᠪᠡᠶᠡᠯᠡᠭᠦᠯᠦᠨ᠂ ᠰᠡᠷᠭᠡᠶᠢᠯᠡᠨ ᠡᠵᠡᠮᠳᠡᠬᠦ ᠠᠵᠢᠯ ᠤᠨ ᠠᠯᠳᠠᠰᠢ ᠭᠠᠷᠬᠤ ᠶᠢ ᠲᠠᠬᠢᠨ
ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠲᠠᠬᠢᠨ ᠪᠠᠬᠢᠵᠢᠭᠦᠯᠵᠦ᠂
ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠠᠬᠢᠨ ᠨᠠᠶᠢᠳᠠᠪᠣᠷᠢᠵᠢᠭᠤᠯᠣᠨ᠂ ᠡᠯ᠎ᠡ ᠵᠦᠢᠯ ᠤᠨ
ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠡᠷᠭᠡᠶᠢᠯᠡᠨ ᠡᠵᠡᠮᠳᠡᠬᠦ
ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂
ᠪᠥᠬᠦ ᠬᠤᠰᠢᠭᠤᠨ ᠤ ᠨᠢᠭᠡ ᠬᠥᠯᠭᠡ ᠰᠢᠲᠠᠷ᠎ᠠ ᠶᠢᠨ ᠤᠬᠠᠮᠰᠠᠷ ᠢ ᠪᠣᠶ ᠪᠣᠯᠭᠠᠵᠤ᠂ ᠬᠠᠷᠢᠶᠠᠲᠤ
ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠳᠥᠷᠪᠡᠨ ᠲᠠᠯ᠎ᠠ ᠶᠢᠨ
ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 《ᠲᠠᠪᠤ ᠶᠢ ᠪᠦᠷᠢᠳᠦᠭᠦᠯᠵᠦ ᠭᠤᠷᠪᠠ ᠶᠢ
ᠴᠢᠩᠭᠠᠳᠬᠠᠬᠤ》 ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠤᠯᠪᠣᠭᠠᠯᠠᠨ
ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ
ᠬᠠᠮᠲᠤ ᠪᠠᠷ ᠢᠶᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃
ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠮᠠᠷᠠᠯᠲᠠ ᠶᠢᠨ ᠬᠤᠭᠤᠴᠠᠭᠠᠨ ᠳᠤ
ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠵᠤ᠂ ᠲᠣᠮᠣ
ᠬᠡᠯᠪᠡᠷᠢ ᠶᠢᠨ ᠣᠯᠠᠨ ᠲᠦᠮᠡᠨ ᠤ ᠴᠤᠭᠯᠠᠷᠠᠯ ᠤᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂
ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠬᠦᠯᠪᠡᠯ ᠴᠢᠩᠭ᠎ᠠ ᠪᠠᠶᠢᠴᠠᠭᠠᠨ
ᠰᠢᠢᠳᠪᠦᠷᠢᠯᠡᠵᠤ ᠬᠠᠷᠢᠭᠤᠴᠠᠯᠭ᠎ᠠ ᠨᠡᠬᠡᠮᠵᠢᠯᠡᠨ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ
ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ
ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠭᠰᠠᠭᠠᠨ ᠪᠠᠶᠢᠴᠠᠭᠠᠵᠤ
ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ
ᠨᠢᠭᠲᠠ ᠰᠦᠯᠵᠢᠵᠦ᠂ ᠲᠤᠰᠬᠠᠶ ᠠᠩᠭᠢ ᠪᠠᠶᠢᠭᠤᠯᠤᠨ᠂ ᠲᠤᠰᠬᠠᠶ ᠲᠤᠰᠢᠶᠠᠯᠲᠠᠨ ᠢ ᠲᠠᠲᠠᠵᠤ᠂
ᠨᠤᠲᠤᠭ ᠲᠠᠭᠠᠨ ᠪᠤᠴᠠᠭᠰᠠᠳ ᠤᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ ᠳᠡᠭᠡᠭᠰᠢ
ᠮᠡᠳᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠬᠢᠨ ᠤ ᠬᠤᠭᠤᠴᠠᠭᠠᠨ ᠤ ᠬᠢᠨᠠᠨ
ᠬᠡᠮᠵᠢᠯᠲᠡ ᠶᠢᠨ ᠪᠣᠳᠠᠲᠤ ᠦᠷ᠎ᠡ ᠪᠦᠳᠦᠮᠵᠢᠳᠤ ᠴᠢᠨᠠᠷ ᠪᠠ ᠰᠡᠷᠭᠡᠭ ᠴᠢᠨᠠᠷ ᠢ
ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠪᠠ
ᠬᠡᠷ ᠲᠡᠭᠡᠨ ᠰᠠᠭᠤᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ
ᠨᠠᠶᠢᠳᠠᠪᠤᠷᠢᠵᠢᠭᠤᠯᠵᠤ᠂ ᠪᠢᠳᠡᠬᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠣ᠂ ᠡᠭᠦᠨ ᠤ
ᠬᠠᠮᠳᠣ᠂ ᠬᠠᠮᠢᠶᠠᠷᠤᠨ ᠡᠵᠡᠮᠳᠡᠬᠦ ᠠᠵᠢᠯᠲᠠᠨ ᠤ ᠰᠡᠳᠬᠢᠴᠡ ᠶᠢᠨ ᠵᠢᠯᠣᠭᠤᠳᠣᠯᠭ᠎ᠠ ᠶᠢ
ᠴᠢᠩᠭᠠᠳᠬᠠᠬᠤ ᠬᠡᠷᠡᠭᠲᠡᠶ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ
ᠭᠤᠭᠴᠤᠭ᠎ᠠ ᠪᠣᠯᠤᠨ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠭᠤᠤᠯᠳᠠᠭᠤ ᠮᠠᠯᠵᠢᠬᠤ
ᠲᠠᠷᠢᠶᠠᠯᠠᠬᠤ ᠣᠷᠣᠨ ᠪᠣᠯᠤᠨ ᠬᠤᠲᠠ ᠬᠥᠳᠡᠭᠡ ᠶᠢᠨ ᠠᠭᠤᠯᠵᠠᠷ ᠭᠠᠵᠠᠷ᠂ ᠡᠮᠴᠢᠯᠡᠭᠡᠨ ᠤ
ᠦᠢᠯᠡᠴᠢᠯᠡᠭᠡ ᠪᠣᠯᠤᠨ ᠡᠮ ᠤᠨ ᠵᠦᠢᠯ ᠤᠨ ᠪᠣᠷᠣᠯᠠᠭᠤᠯᠭ᠎ᠠ ᠶᠢᠨ ᠲᠠᠯᠠᠪᠤᠷ ᠭᠠᠵᠠᠷ᠂
ᠭᠠᠳᠠᠭᠠᠳᠤ ᠠᠴᠠ ᠣᠷᠣᠭᠤᠯᠤᠭᠰᠠᠨ ᠭᠦᠢᠲᠡᠨ ᠬᠡᠯᠬᠢᠶᠡᠲᠦ ᠢᠳᠡᠭᠡᠨ ᠪᠣᠯᠤᠨ ᠦᠢᠯᠡᠳᠪᠦᠷᠢ
ᠠᠭᠤᠷᠬᠠᠶ ᠶᠢᠨ ᠠᠵᠤ ᠠᠬᠤᠶᠢᠯᠠᠯ ᠤᠨ ᠠᠵᠢᠯ ᠡᠷᠭᠢᠯᠡᠭᠰᠡᠳ ᠢ ᠴᠢᠩᠭ᠎ᠠ ᠠᠩᠬᠠᠷᠴᠤ᠂ ᠪᠣᠳᠠᠰ ᠠᠴᠠ
ᠬᠥᠮᠦᠨ ᠳᠤ ᠳᠠᠮᠵᠢᠭᠤᠯᠬᠤ᠂ ᠬᠦᠮᠦᠨ ᠠᠴᠠ ᠬᠥᠮᠦᠨ ᠳᠤ ᠳᠠᠮᠵᠢᠭᠤᠯᠬᠤ᠂ ᠣᠷᠴᠢᠨ ᠲᠣᠭᠤᠷᠢᠨ ᠠᠴᠠ
ᠬᠥᠮᠦᠨ ᠳᠤ ᠳᠠᠮᠵᠢᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠮ ᠡᠮᠨᠡᠯᠭᠡ ᠶᠢᠨ
ᠰᠡᠷᠭᠡᠶᠢᠯᠡᠨ ᠡᠵᠡᠮᠳᠡᠬᠦ ᠡᠳ᠋ ᠪᠣᠳᠠᠰ᠂ ᠨᠢᠭᠡᠳᠦᠭᠡᠷ ᠹᠷᠣᠨᠲ ᠤᠨ ᠬᠥᠮᠦᠰ ᠤᠨ ᠰᠡᠷᠭᠡᠶᠢᠯᠡᠨ
ᠬᠠᠮᠠᠭᠠᠯᠠᠬᠤ ᠡᠳ᠋ ᠪᠣᠳᠠᠰ᠂ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠵᠡᠷᠭᠡ
ᠡᠯ᠎ᠡ ᠵᠦᠢᠯ ᠤᠨ ᠴᠢᠬᠤᠯᠠ ᠬᠡᠷᠡᠭᠯᠡᠬᠡᠨ ᠤ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ
ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂
ᠰᠡᠷᠭᠡᠶᠢᠯᠡᠨ ᠡᠵᠡᠮᠳᠡᠬᠦ ᠱᠠᠭᠠᠷᠳᠠᠯᠭ᠎ᠠ᠂ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ
ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯ ᠬᠠᠭᠤᠷᠮᠠᠭ ᠬᠢᠵᠢᠭ ᠤᠨ ᠪᠠᠶᠢᠳᠠᠯ ᠢ
ᠵᠣᠬᠢᠶᠠᠨ ᠲᠠᠷᠬᠠᠭᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ
ᠰᠢᠢᠳᠬᠡᠬᠦ ᠬᠡᠷᠡᠭᠳᠡᠢ᠃ ᠥᠷᠭᠡᠨ ᠣᠯᠠᠨ ᠲᠦᠮᠡᠨ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ
ᠲᠣᠭᠲᠠᠭᠠᠯ ᠤᠨ ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ
ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠲᠣᠭᠲᠠᠭᠠᠯ ᠠᠴᠠ ᠵᠥᠷᠢᠴᠡᠭᠰᠡᠨ᠂ ᠰᠡᠷᠭᠡᠶᠢᠯᠡᠨ
ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠨᠢᠭᠡᠴᠡ ᠪᠠ ᠬᠤᠪᠢ
ᠬᠥᠮᠦᠨ ᠢ ᠡᠷᠡᠰ ᠪᠠᠶᠢᠴᠠᠭᠠᠨ ᠰᠢᠢᠳᠪᠦᠷᠢᠯᠡᠵᠤ᠂ ᠣᠭᠲᠣ ᠢᠯᠳᠠᠷ ᠬᠠᠶᠠᠬᠤ ᠥᠬᠡᠶ ᠪᠠᠶᠢᠬᠤ
ᠬᠡᠷᠡᠭᠲᠡᠶ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠲᠦᠮᠡᠨ ᠤ
ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠤ ᠪᠠᠲᠤ ᠰᠠᠭᠤᠷᠢ ᠲᠠᠯᠪᠢᠵᠤ᠂ ᠥᠯᠵᠡᠶᠢᠲᠦ ᠰᠠᠶᠢᠬᠠᠨ
ᠴᠠᠭᠠᠨ ᠰᠠᠷ᠎ᠠ ᠶᠢᠨ ᠪᠠᠶᠠᠷ ᠢ ᠪᠠᠶᠠᠷ ᠬᠦᠷ ᠲᠠᠢ ᠦᠩᠬᠡᠷᠡᠭᠦᠯᠭᠦ ᠳᠤ ᠠᠮᠤᠷ ᠲᠦᠪᠰᠢᠨ ᠣᠷᠴᠢᠨ
ᠲᠣᠭᠤᠷᠢᠨ ᠢ ᠪᠣᠶ ᠪᠤᠯᠭᠠᠬᠤ ᠬᠡᠷᠡᠭᠲᠠᠢ ᠬᠡᠵᠠᠢ᠃
ᠢᠷᠡᠯᠳᠡ᠄
ᠨᠠᠶᠢᠷᠠᠭᠤᠯᠤᠭᠴᠢ᠄
ᠪᠤᠣ ᠨᠠᠷᠠᠨ