ᠨᠠᠢᠮᠠᠨ ᠬᠤᠰᠢᠭᠤᠨ ᠤ ᠵᠠᠰᠠᠭ ᠤᠨ ᠣᠷᠳᠣᠨ ᠤ ᠠᠯᠪᠡᠠ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠦᠨᠳᠤᠰᠤᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠲᠤᠪᠲᠤ ᠠᠷᠡᠳᠴᠢᠯᠠᠯᠲᠤ ᠠᠮᠢᠲᠤᠷᠠᠯ ᠤᠨ ᠬᠤᠷᠠᠯ ᠬᠤᠷᠠᠯᠲᠤᠭᠤᠯᠤᠭᠰᠠᠨ

ᠣᠩᠰᠢᠭᠰᠠᠨ ᠤᠳᠠᠭ᠎ᠠ ᠄ 116     ᠨᠡᠶᠢᠳᠡᠯᠡᠭᠰᠡᠨ ᠴᠠᠭ ᠄ 2021/1/13 16:42:51

        1 ᠳ᠋ᠤᠬᠡᠷ ᠰᠠᠷ᠎ᠠ ᠶᠢᠨ 9 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠠᠯᠪᠡᠠ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠦᠨᠳᠤᠰᠤᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠲᠤᠪᠲᠤ ᠠᠷᠡᠳᠴᠢᠯᠠᠯᠲᠤ ᠠᠮᠢᠲᠤᠷᠠᠯ ᠤᠨ ᠬᠤᠷᠠᠯ ᠢ ᠡᠷᠬᠢᠯᠡᠨ ᠬᠤᠷᠠᠯᠳᠣᠭᠤᠯᠵᠣ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠵᠤ᠋ ᠽᠢ ᠪᠥᠸᠧ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠦᠨᠡᠯᠡᠯᠲᠡ ᠬᠢᠵᠦ᠂ ᠵᠣᠬᠢᠶᠠᠨ ᠪᠠᠶᠢᠭᠤᠯᠬᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠨ ᠵᠢᠭᠠᠨ ᠵᠢᠯᠤᠭᠤᠲᠤᠭᠰᠠᠨ ᠪᠠᠶᠢᠨ᠎ᠠ᠃

        ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠠᠯᠪᠡᠠ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠠᠩ ᠴᠧᠩ ᠬᠤᠰᠢᠭᠤᠨ ᠤ ᠵᠠᠰᠠᠭ ᠤᠨ ᠣᠷᠳᠣᠨ ᠤ ᠠᠯᠪᠡᠠ ᠭᠡᠷ ᠤᠨ ᠤᠳᠤᠷᠢᠳᠬᠤ ᠪᠠᠭ ᠶᠢ ᠲᠦᠯᠦᠬᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠦᠨᠳᠤᠰᠤᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠭᠤᠷᠢᠨ ᠳᠤ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠪᠠᠶᠢᠴᠠᠭᠠᠨ ᠦᠵᠡᠵᠦ᠂ ᠭᠦᠨᠵᠡᠭᠡᠶ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠶ ᠥᠷᠨᠢᠭᠦᠯᠪᠡ᠃

         ᠵᠦ ᠽᠢ ᠪᠥᠸᠧ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠠᠷᠡᠳᠴᠢᠯᠠᠯᠲᠤ ᠠᠮᠢᠲᠤᠷᠠᠯ ᠤᠨ ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠬᠤ᠂ ᠰᠠᠨᠠᠯ ᠢᠶᠠᠨ ᠨᠡᠪᠲᠡᠷᠡᠯᠴᠡᠬᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠲᠠᠯ᠎ᠠ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠭᠰᠠᠨ ᠪᠣᠯᠪᠠᠴᠣ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠳᠣᠬᠢᠷᠠᠭᠤᠯᠣᠯᠳᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ ᠪᠠᠰᠠ ᠵᠣᠬᠢᠬᠤ ᠬᠡᠮᠵᠢᠶᠡᠨ ᠤ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠠᠮ ᠨᠢᠭᠡ ᠠᠯᠬᠤᠮ ᠭᠦᠨᠵᠡᠭᠡᠶ ᠪᠠᠶᠢᠴᠠᠭᠠᠨ ᠨᠢᠮᠪᠠᠶ ᠪᠠᠶᠢᠴᠠᠭᠠᠵᠤ᠂ ᠠᠰᠠᠭᠤᠳᠠᠯ ᠤᠨ ᠵᠥᠷᠢᠶ᠎ᠡ ᠶᠢ ᠪᠣᠳᠠᠲᠠᠶ ᠪᠠᠶᠢᠴᠠᠭᠠᠨ ᠰᠢᠢᠳᠪᠦᠷᠢᠯᠡᠵᠤ᠂ ᠤᠴᠢᠷ ᠰᠢᠯᠲᠠᠭᠠᠨ ᠤ ᠵᠠᠩᠭᠢᠯᠠᠭ᠎ᠠ ᠶᠢ ᠳᠣᠭᠤᠰᠢᠳᠠᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠡᠷᠡᠭᠲᠡᠢ᠃ ᠡᠭᠦᠨ ᠤ ᠬᠠᠮᠲᠤ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠪᠠᠶᠢᠳᠠᠯ ᠢ ᠪᠠᠲᠤᠯᠠᠨ᠂ ᠪᠡᠶ᠎ᠡ ᠪᠠᠨ ᠴᠢᠩᠭ᠎ᠠ ᠱᠠᠭᠠᠷᠳᠠᠬᠤ ᠪᠠᠷᠢᠮᠵᠢᠶ᠎ᠠ ᠶᠢ ᠪᠠᠷᠢᠮᠲᠠᠯᠠᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠵᠦ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠳᠣᠬᠢᠷᠠᠭᠤᠯᠣᠯᠳᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠠᠢ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ