ᠨᠠᠶᠮᠠᠨ ᠬᠤᠰᠢᠭᠤᠨ ᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠡᠡᠰᠠᠨ

ᠣᠩᠰᠢᠭᠰᠠᠨ ᠤᠳᠠᠭ᠎ᠠ ᠄ 111     ᠨᠡᠶᠢᠳᠡᠯᠡᠭᠰᠡᠨ ᠴᠠᠭ ᠄ 2021/1/13 16:44:08

        1 ᠳ᠋ᠣᠭᠡᠷ ᠰᠠᠷ᠎ᠠ ᠶᠢᠨ 11 ᠤ ᠡᠳᠦᠷ᠂ ᠬᠤᠰᠢᠭᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠠᠷᠠᠣᠨ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠰᠢᠨ ᠰᠢᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠣᠭᠤᠯᠵᠦ᠂ 《ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ》 ᠢ ᠨᠠᠶᠢᠳᠡᠯᠡᠭᠰᠡᠨ ᠪᠠᠶᠢᠨ᠎ᠠ᠃

    

        ᠬᠤᠷᠠᠯ ᠠᠴᠠ ᠴᠢᠩᠭᠠᠳᠬᠠᠠᠠᠰᠠᠨ ᠨᠢ᠄ ᠲᠠᠪᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠬᠤ ᠵᠣᠷᠢᠯᠭ᠎ᠠ ᠨᠢ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠪᠠᠶᠢᠴᠠᠭᠠᠵᠤ ᠬᠢᠨᠠᠨ ᠵᠢᠯᠣᠭᠤᠳᠴᠤ᠂ ᠠᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠠᠰᠠᠭᠤᠳᠠᠯ ᠢ ᠰᠢᠶᠳᠪᠦᠷᠢᠯᠡᠵᠦ᠂ ᠠᠯᠳᠠᠰᠢ ᠭᠠᠷᠬᠤ ᠶᠢ ᠦᠨᠡᠨ ᠬᠦ ᠬᠤᠷᠢᠭᠯᠠᠬᠤ ᠶᠢᠨ ᠲᠥᠯᠥᠭᠡ ᠪᠣᠯᠣᠨ᠎ᠠ᠃ ᠡᠯ᠎ᠡ ᠬᠢᠨᠠᠨ ᠵᠢᠯᠣᠭᠤᠳᠬᠤ ᠳᠤᠭᠤᠶᠢᠯᠠᠩ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠳᠠᠯᠳᠠᠭᠤᠷ ᠰᠤᠷᠪᠤᠯᠵᠢᠯᠠᠬᠤ ᠪᠠᠷ ᠭᠤᠤᠯ ᠪᠣᠯᠭᠠᠵᠤ᠂ 《ᠶᠡᠬᠡᠪᠡᠷ ᠡᠬᠢᠯᠡᠵᠦ᠂ ᠶᠡᠬᠡᠪᠡᠷ ᠵᠢᠭᠰᠠᠭᠠᠨ ᠪᠠᠶᠢᠴᠠᠭᠠᠬᠤ》 ᠠᠵᠢᠯ ᠪᠠ ᠣᠯᠠᠨ ᠲᠦᠮᠡᠨ ᠢ ᠤᠬᠠᠭᠤᠯᠤᠨ ᠳᠠᠶᠢᠴᠢᠯᠠᠭᠰᠠᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠵᠢᠯᠣᠭᠤᠳᠴᠤ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠰᠡᠨ ᠪᠠᠶᠢᠨ᠎ᠠ᠃
ᠢᠷᠡᠯᠳᠡ᠄ ᠨᠠᠶᠢᠷᠠᠭᠤᠯᠤᠭᠴᠢ᠄ ᠪᠤᠣ ᠨᠠᠷᠠᠨ

ᠬᠠᠮᠢᠶ᠎ᠡ ᠪᠦᠬᠦᠢ ᠰᠣᠨᠢᠨ