ᠮᠠᠨ ᠤ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠠᠵᠢᠯ ᠡᠷᠴᠢᠮᠲᠡᠢ ᠶᠠᠪᠤᠭᠳᠠᠵᠤ ᠪᠠᠶᠢᠭ᠎ᠠ
ᠣᠩᠰᠢᠭᠰᠠᠨ ᠤᠳᠠᠭ᠎ᠠ ᠄ 124 ᠨᠡᠶᠢᠳᠡᠯᠡᠭᠰᠡᠨ ᠴᠠᠭ ᠄ 2021/1/13 16:45:58
ᠪᠥᠬᠦ ᠬᠤᠲᠠ ᠶᠢᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠰᠠᠨ ᠠᠴᠠ ᠨᠠᠰᠢ᠂ ᠮᠠᠨ ᠤ ᠬᠤᠰᠢᠭᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠠᠵᠢᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠠᠲᠤᠲᠠᠶ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠶᠢᠲᠤᠷ ᠡᠬᠢᠯᠡᠬᠦ ᠶᠢ ᠬᠦᠴᠦᠯᠡᠨ ᠪᠠᠲᠤᠯᠠᠪᠠ᠃ ᠣᠳᠣᠬᠠᠨ ᠳᠤ᠂ ᠪᠥᠬᠦ ᠬᠤᠰᠢᠭᠤᠨ ᠤ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
ᠢ ᠯᠦᠩ ᠶᠦᠩ ᠪᠠᠯᠭᠠᠰᠤᠨ ᠤ ᠳ᠋ᠠ ᠶᠢᠩᠽᠢ ᠲᠣᠰᠬᠤᠨ ᠤ ᠨᠠᠮ ᠤᠨ ᠡᠭᠦᠷ ᠤᠨ ᠱᠦᠵᠢ ᠸᠠᠩ ᡁᠢ ᠮᠢᠩ᠄ ᠲᠣᠰ ᠬᠤᠭᠤᠴᠠᠭᠠᠨ ᠤ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠤᠨ ᠲᠤᠰᠢᠶᠠᠯ ᠤᠨ ᠬᠤᠭᠤᠴᠠᠭ᠎ᠠ ᠲᠠᠪᠤᠨ ᠵᠢᠯ ᠪᠠᠶᠢᠵᠣ᠂ ᠬᠠᠷᠢᠭᠤᠴᠠᠯᠭ᠎ᠠ ᠨᠠᠩ ᠬᠦᠨᠳᠦ ᠪᠣᠯᠵᠠᠢ᠃ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠪᠢᠳᠡ ᠥᠷᠭᠡᠨ ᠳᠡᠯᠭᠡᠷ ᠤᠬᠠᠭᠤᠯᠭ᠎ᠠ ᠬᠢᠵᠦ᠂ ᠥᠨᠥᠳᠦᠷ ᠳ᠋ᠡ ᠶᠢᠩᠽᠢ ᠲᠣᠰᠬᠤᠨ ᠤ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠳᠠᠯ ᠳᠣᠤᠷ᠎ᠠ᠂ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠪᠡᠶᠡᠯᠡᠭᠦᠯᠵᠦ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠰᠣᠩᠭᠤᠵᠤ ᠭᠠᠷᠭᠠᠪᠠ᠃
ᠣᠶᠢᠯᠠᠭᠠᠭᠰᠠᠨ ᠢᠶᠠᠷ᠂ ᠰᠢᠨ᠎ᠡ ᠨᠢᠭᠡ ᠬᠤᠭᠤᠴᠠᠭᠠᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《ᠬᠤᠶᠠᠷ ᠵᠥᠪᠯᠡᠯ》 ᠤᠨ ᠪᠠᠭ ᠤᠨ ᠲᠤᠰᠢᠶᠠᠯ ᠤᠨ ᠬᠤᠭᠤᠴᠠᠭ᠎ᠠ ᠨᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠬᠤᠭᠤᠴᠠᠭ᠎ᠠ ᠲᠠᠢ ᠨᠢᠭᠡᠳᠦᠯᠲᠡᠶ ᠪᠠᠶᠢᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠯᠤᠰ ᠲᠦᠷᠦ ᠶᠢᠨ ᠬᠡᠪ ᠪᠣᠯᠪᠠᠰᠤᠷᠠᠯ ᠥᠨᠳᠥᠷ᠂ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠺᠠᠳ᠋ᠷ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠢ ᠯᠦᠩ ᠶᠦᠩ ᠪᠠᠯᠭᠠᠰᠤ ᠨᠢᠭᠡᠳᠦᠯᠲᠡᠢ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠵᠦ᠂ ᠯᠠᠪᠳᠠᠭᠤᠨ ᠬᠡᠷᠡᠭᠵᠢᠭᠦᠯᠵᠦ᠂ ᠭᠠᠴᠠᠭ᠎ᠠ ᠲᠣᠰᠬᠤᠨ ᠤ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠰᠣᠩᠭᠤᠭᠤᠯᠢ ᠠᠴᠠ ᠡᠮᠦᠨ᠎ᠡ᠂ ᠲᠣᠰᠬᠤᠨ ᠤ ᠺᠠᠳ᠋ᠷ᠂ ᠠᠬᠠᠮᠠᠳ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠢ ᠡᠷᠦᠬᠡ ᠪᠣᠯᠤᠨ ᠪᠠᠶᠠᠵᠢᠯ ᠤᠨ ᠴᠢᠳᠠᠪᠤᠷᠢᠲᠠᠨ ᠵᠡᠷᠭᠡ ᠶᠢ ᠰᠤᠷᠪᠤᠯᠵᠢᠯᠠᠵᠤ᠂ ᠤᠯᠠᠨ ᠲᠦᠮᠡᠨ ᠤ ᠰᠢᠨ᠎ᠡ ᠨᠢᠭᠡ ᠬᠤᠭᠤᠴᠠᠭᠠᠨ ᠤ ᠭᠠᠴᠠᠭ᠎ᠠ ᠲᠣᠰᠬᠤᠨ ᠤ 《ᠬᠤᠶᠠᠷ ᠵᠥᠪᠯᠡᠯ》 ᠤᠨ ᠪᠠᠭ ᠳᠠᠬᠢ ᠬᠦᠰᠡᠯ ᠱᠠᠭᠠᠷᠳᠠᠯᠭ᠎ᠠ ᠶᠢ ᠨᠡᠩ ᠭᠦᠨᠵᠡᠭᠡᠢ ᠣᠶᠢᠯᠠᠭᠠᠵᠣ᠂ ᠡᠭᠦᠨ ᠤ ᠬᠠᠮᠲᠤ ᠰᠠᠬᠢᠯᠭ᠎ᠠ ᠪᠠᠲᠤ ᠶᠢ ᠴᠢᠩᠭᠠᠳᠬᠠᠬᠤ ᠶᠢ ᠢᠮᠠᠭᠲᠠ ᠲᠤᠭᠤᠰᠢᠯᠠᠭᠤᠯᠵᠤ᠂ ᠭᠠᠴᠠᠭ᠎ᠠ ᠲᠣᠰᠬᠤᠨ ᠤ 《ᠬᠤᠶᠠᠷ ᠵᠥᠪᠯᠡᠯ》 ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 《ᠬᠤᠶᠠᠷ ᠢ ᠳᠠᠨᠢᠯᠴᠠᠭᠤᠯᠣᠨ ᠨᠢᠭᠡ ᠶᠢ ᠰᠣᠩᠭᠤᠬᠤ》 ᠶᠢ ᠬᠡᠷᠡᠭᠵᠢᠭᠦᠯᠵᠦ᠂ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠭᠠᠴᠠᠭ᠎ᠠ ᠲᠣᠰᠬᠤᠨ ᠤ 《ᠬᠤᠶᠠᠷ ᠵᠥᠪᠯᠡᠯ》 ᠤᠨ ᠤᠳᠤᠷᠢᠳᠬᠤ ᠪᠠᠭ ᠲᠤ ᠣᠨᠣᠪᠴᠢᠲᠠᠶ ᠬᠥᠮᠦᠨ ᠰᠣᠩᠭᠤᠨ ᠥᠭᠴᠦ᠂ ᠰᠠᠶᠢᠨ ᠬᠥᠮᠦᠨ ᠰᠣᠩᠭᠤᠨ ᠥᠭᠴᠦ᠂ ᠵᠥᠪ ᠬᠥᠮᠦᠨ ᠢ ᠰᠣᠩᠭᠤᠨ ᠥᠭᠬᠦ ᠶᠢ ᠪᠠᠲᠤᠯᠠᠭᠰᠠᠨ ᠪᠠᠶᠢᠨ᠎ᠠ᠃
ᠢ ᠯᠦᠩ ᠶᠦᠩ ᠪᠠᠯᠭᠠᠰᠤᠨ ᠤ ᠳ᠋ᠠ ᠶᠢᠩᠽᠢ ᠲᠣᠰᠬᠤᠨ ᠤ ᠨᠠᠮ ᠤᠨ ᠭᠡᠰᠢᠭᠦᠨ ᠴᠧᠨ ᠬᠤᠸᠠ᠄ ᠪᠢ ᠪᠣᠯ ᠳ᠋ᠠ ᠶᠢᠩᠽᠢ ᠲᠣᠰᠬᠤᠨ ᠤ ᠨᠢᠭᠡᠨ ᠡᠩ ᠤᠨ ᠨᠠᠮ ᠤᠨ ᠭᠡᠰᠢᠭᠦᠨ ᠪᠠᠶᠢᠵᠣ᠂ ᠡᠨᠡ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠦᠬᠦ ᠶᠠᠪᠤᠴᠠ ᠳᠤ ᠣᠷᠣᠯᠴᠠᠪᠠ᠂ ᠡᠨᠡ ᠡᠳᠦᠷ ᠨᠠᠮ ᠤᠨ ᠭᠡᠰᠢᠭᠦᠳ ᠨᠠᠷᠢᠨ ᠬᠢᠨᠠᠮᠠᠭᠠᠢ ᠰᠣᠩᠭᠤᠭᠤᠯᠢ ᠶᠠᠪᠤᠭᠤᠯᠬᠤ ᠪᠠᠷ ᠲᠠᠮᠵᠢᠨ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠰᠣᠩᠭᠤᠨ ᠭᠠᠷᠭᠠᠪᠠ᠂ ᠮᠠᠨ ᠤ ᠪᠦᠬᠦ ᠨᠠᠮ ᠤᠨ ᠭᠡᠰᠢᠭᠦᠨ ᠮᠠᠰᠢ ᠬᠠᠨᠤᠮᠵᠢᠲᠠᠢ ᠪᠠᠶᠢᠨ᠎ᠠ᠃